ᠦᠴᠤᠸᠠᠨ ᠰᠢᠶᠠᠨ ᠭᠤᠣᠯ ᠤᠨ ᠡᠯᠡᠰᠦ ᠬᠤᠯᠠᠭᠠᠶᠢᠯᠠᠨ ᠮᠠᠯᠲᠠᠭᠰᠠᠨ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/12
     7 ᠰᠠᠷ᠎ᠠ ᠶᠢᠨ 7 ᠤ ᠡᠳᠦᠷ᠂ ᠦᠴᠤᠸᠠᠨ ᠰᠢᠶᠠᠨ ᠭᠤᠤᠯ ᠤᠨ ᠡᠯᠡᠰᠦ ᠬᠤᠯᠠᠭᠠᠶᠢᠯᠠᠨ ᠮᠠᠯᠲᠠᠬᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠬᠤ ᠬᠠᠤᠯᠢ ᠠᠴᠠ ᠵᠥᠷᠢᠴᠡᠭᠰᠡᠨ‌ᠦᠢᠯᠡ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠧᠨ ᠯᠢᠨ ᠹᠠᠨ ᠬᠤᠷᠠᠯ ᠡᠷᠭᠢᠯᠡᠵᠦ᠂ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠶᠡᠭᠡ ᠲᠠᠯ᠎ᠠ ᠶᠢᠨ ᠤᠬᠠᠮᠰᠠᠷ ᠪᠣᠯᠤᠨ ᠪᠦᠬᠦᠯᠢ ᠴᠣᠭᠴᠠ ᠶᠢᠨ ᠦᠵᠡᠯᠲᠡ ᠪᠠᠨ ᠳᠡᠭᠡᠭᠰᠢᠯᠡᠭᠦᠯᠵᠦ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠭᠠᠨ ᠱᠤᠭᠤᠮ ᠢ ᠲᠣᠳᠣᠷᠬᠠᠢ ᠲᠠᠨᠢᠵᠤ᠂ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠬᠤᠶᠠᠷ ᠲᠤ ᠦᠵᠡᠯᠲᠡ ᠪᠠᠨ ᠬᠤᠪᠢᠷᠠᠭᠤᠯᠵᠤ᠂ ᠬᠠᠷᠢᠭᠤᠴᠠᠯᠭᠠᠲᠤ ᠤᠬᠠᠮᠰᠠᠷ ᠢ ᠪᠤᠢ ᠪᠣᠯᠭᠠᠵᠤ᠂ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠵᠣᠬᠢᠴᠠᠭᠤᠯᠤᠨ ᠬᠠᠮᠵᠢᠯᠴᠠᠵᠤ᠂ ᠴᠣᠬᠢᠯᠲᠠ ᠥᠭᠬᠦ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ ︽ᠬᠠᠲᠠᠭᠤ ᠲᠠᠢ ᠵᠣᠷᠢᠭᠲᠠᠶ ᠬᠠᠯᠳᠠᠬᠤ᠂ ᠦᠨᠡᠨ ᠢᠶᠠᠷ ᠵᠣᠷᠢᠭᠲᠠᠶ ᠠᠵᠢᠯᠯᠠᠬᠤ︾ ᠤᠬᠠᠮᠰᠠᠷ ᠢ ᠪᠤᠢ ᠪᠣᠯᠭᠠᠵᠤ᠂ ᠶᠠᠷᠰᠢᠭ ᠲᠦᠪᠡᠭᠲᠡᠶ ᠡᠷᠦᠬᠡ᠂ ᠬᠠᠳᠠᠭᠠᠰᠤᠲᠠᠶ ᠡᠷᠦᠬᠡ ᠳᠤ ᠬᠠᠨᠳᠤᠬᠤ ᠳᠠᠭᠠᠨ ᠠᠶᠤᠬᠤ ᠦᠭᠡᠢ᠂ ᠵᠣᠷᠢᠭᠲᠠᠶ ᠬᠠᠯᠳᠠᠬᠤ᠂ ᠠᠳᠬᠤᠬᠤ ᠡᠷᠡᠰ ᠴᠢᠩᠭ᠎ᠠ ᠵᠣᠷᠢᠭ ᠲᠠᠢ ᠪᠠᠶᠢᠵᠤ᠂ ᠬᠠᠤᠯᠢ ᠶᠣᠰᠣᠭᠠᠷ ᠪᠣᠳᠠᠲᠠᠶ ᠪᠠᠷ ᠰᠢᠢᠳᠪᠦᠷᠢᠯᠡᠬᠦ ᠬᠡᠷᠡᠭᠲᠡᠶ᠃ ᠭᠤᠷᠪᠠ ᠳᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠰᠦᠪᠡᠭᠴᠢ ᠨᠢᠭᠡᠪᠦᠷᠢ ᠶᠢ ᠡᠷᠬᠡᠪᠰᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠥᠮᠦᠨ ᠪᠠ ᠬᠡᠷᠡᠭ ᠶᠠᠪᠤᠳᠠᠯ ᠢ ᠦᠵᠡᠬᠦ ᠪᠠᠷ ᠪᠠᠷᠠᠬᠤ ᠦᠭᠡᠢ ᠪᠠᠰᠠ ᠴᠢᠩᠭ᠎ᠠ ᠰᠢᠢᠳᠬᠡᠵᠦ ᠬᠦᠨᠳᠦ ᠪᠠᠷ ᠰᠢᠢᠳᠬᠡᠬᠦ ᠬᠡᠷᠡᠭᠲᠡᠢ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠠᠶᠢᠪᠠᠯ ᠨᠡᠩ ᠴᠤ ᠡᠷᠡᠰ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠤᠬᠠᠭᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠠᠭᠠᠵᠤ᠂ ᠨᠡᠪᠲᠡᠷᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号