7 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/7/12
      7 ᠳ᠋ᠤᠭᠠᠷ ᠰᠠᠷ᠎ᠠ ᠶᠢᠨ 11 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠪᠠᠶᠠᠨᠨᠠᠭᠤᠷ ᠬᠤᠲᠠ ᠳᠤ︶ ᠨᠡᠮᠡᠭᠳᠡᠪᠡ᠃      7 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 25 ︵ᠴᠥᠮ ᠪᠠᠶᠠᠨᠨᠠᠭᠤᠷ ᠬᠤᠲᠠ ᠳᠤ︶ ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠪᠠᠶᠠᠨᠨᠠᠭᠤᠷ ᠬᠤᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 16 ︵ᠴᠥᠮ ᠬᠥᠬᠡᠬᠤᠲᠠ ᠳᠤ ᠪᠣᠶ︶ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠥᠬᠡᠬᠤᠲᠠ ᠳᠤ ᠪᠣᠶ︶  ᠪᠣᠢ᠃ ᠴᠥᠮ ᠲᠣᠭᠲᠠᠭᠰᠠᠨ ᠡᠮᠨᠡᠯᠭᠡ ᠶᠢᠨ  ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号