| | | 7 ᠰᠠᠷ᠎ᠠ ᠶᠢᠨ 7 ᠤ ᠡᠳᠦᠷ᠂ ᠦᠴᠤᠸᠠᠨ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 6 ᠳ᠋ᠤᠭᠠᠷ | ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠬᠠᠳᠠ ᠬᠤᠷᠠᠯ ᠡᠷᠭᠢᠯᠡᠪᠡ᠃ | ᠬᠤᠷᠠᠯ ᠠᠴᠠ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ | ᠪᠥᠬᠦ ᠣᠷᠣᠨ᠂ ᠬᠤᠲᠠ ᠵᠢᠴᠢ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ | ᠪᠠᠶᠢᠳᠠᠯ ᠢ ᠵᠠᠷᠯᠠᠨ ᠮᠡᠳᠡᠭᠳᠡᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ | ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠴᠠᠭᠠᠬᠤ᠂ ᠰᠣᠷᠢᠯᠲᠠ | ᠬᠢᠬᠦ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠨᠠᠷᠢᠯᠢᠭ ᠠᠳᠬᠤᠵᠤ᠂ ᠪᠠᠶᠢᠩᠭᠤᠵᠢᠭᠰᠠᠨ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭᠠᠨ ᠤ | ᠲᠠᠯ᠎ᠠ ᠪᠠᠷ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠶᠢᠨ ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠬᠤ︾ ︽ᠬᠤᠶᠠᠷ ᠢ ᠰᠠᠭᠠᠲᠠᠭᠠᠬᠤ ᠥᠬᠡᠶ︾ | ᠪᠠᠶᠢᠬᠤ ᠶᠢ ᠪᠠᠷᠢᠮᠲᠠᠯᠠᠬᠤ ᠬᠡᠷᠡᠭᠲᠡᠶ᠃ ᠵᠠᠮ ᠬᠠᠷᠢᠯᠴᠠᠭᠠᠨ ᠤ ᠪᠣᠭᠤᠮᠲᠠ ᠶᠢ ᠴᠢᠩᠭ᠎ᠠ ᠰᠡᠷᠭᠡᠶᠢᠯᠡᠨ ᠰᠠᠬᠢᠵᠤ᠂ ᠬᠠᠮᠢᠶ᠎ᠠ | ᠪᠥᠬᠦᠶ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠠᠳᠠᠨ᠎ᠠ ᠠᠴᠠ ᠣᠷᠤᠵᠤ | ᠢᠷᠡᠬᠦ ᠶᠢ ᠰᠡᠷᠭᠡᠶᠢᠯᠡᠬᠦ︾ ᠳᠤ ᠠᠯᠳᠠᠰᠢ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠵᠦᠢᠯ ᠤᠨ | ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠥᠪᠯᠡᠷᠡᠭᠦᠯᠦᠨ | ᠲᠤᠰᠠᠭᠠᠷᠯᠠᠬᠤ ᠲᠠᠯᠠᠪᠤᠷ ᠭᠠᠵᠠᠷ ᠳᠣᠭᠢᠷᠠᠭᠤᠯᠬᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠬᠦ᠂ ᠠᠵᠢᠯᠲᠠᠨ ᠤ | ᠡᠩᠨᠡᠭᠡ ᠪᠠ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠵᠡᠷᠭᠡ ᠲᠠᠯ᠎ᠠ ᠪᠠᠷ ᠰᠠᠶᠢᠲᠤᠷ ᠪᠡᠯᠡᠳᠬᠡᠯ ᠬᠢᠵᠦ᠂ ᠠᠵᠢᠯᠲᠠᠨ ᠢ | ᠪᠣᠳᠠᠲᠠᠶᠢᠵᠢᠭᠤᠯᠵᠤ᠂ ᠲᠣᠨᠤᠭ ᠲᠥᠬᠦᠭᠡᠷᠦᠮᠵᠢ ᠶᠢ ᠪᠣᠳᠠᠲᠠᠶᠢᠵᠢᠭᠤᠯᠵᠤ᠂ ᠪᠡᠯᠡᠳᠬᠡᠮᠵᠢ ᠶᠢ ᠪᠣᠳᠠᠲᠠᠶᠢᠵᠢᠭᠤᠯᠵᠤ᠂ | ᠡᠳ᠋ ᠪᠣᠳᠠᠰ ᠢ ᠪᠣᠳᠠᠲᠠᠶᠢᠵᠢᠭᠤᠯᠵᠤ᠂ ᠴᠢᠳᠠᠪᠤᠷᠢ ᠶᠢ ᠪᠣᠳᠠᠲᠠᠶᠢᠵᠢᠭᠤᠯᠤᠨ᠎ᠠ᠃ ᠪᠠᠭᠤᠳᠠᠯ ᠢ ᠲᠤᠰᠠᠭᠠᠷᠯᠠᠬᠤ ᠳᠤ | ᠬᠠᠮᠢᠶᠠᠷᠤᠯᠲᠠ ᠪᠠᠨ ᠵᠢᠷᠤᠮᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ | ᠡᠯ᠎ᠡ ᠵᠦᠢᠯ ᠤᠨ ᠬᠠᠮᠢᠶᠠᠷᠤᠯᠲᠠ ᠶᠢᠨ ᠪᠠᠷᠢᠮᠵᠢᠶ᠎ᠠ᠂ ᠠᠵᠢᠯ ᠤᠨ ᠴᠤᠪᠤᠷᠠᠯ ᠢ ᠴᠢᠩᠭ᠎ᠠ ᠨᠢᠮᠪᠠᠶ ᠰᠠᠶᠢᠲᠤᠷ ᠬᠡᠷᠡᠭᠵᠢᠭᠦᠯᠬᠦ | ᠬᠡᠷᠡᠭᠲᠡᠶ᠃ ᠵᠠᠮ ᠮᠦᠷ ᠢ ᠨᠢ ᠡᠷᠢᠬᠦ ᠳᠤ ᠲᠦᠷᠭᠡᠨ ᠪᠥᠭᠡᠳ ᠨᠠᠷᠢᠯᠢᠭ ᠣᠨᠣᠴᠠᠲᠠᠶ ᠪᠠᠶᠢᠵᠤ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠵᠤ᠂ | ᠪᠤᠰᠤᠳ ᠠᠶᠢᠮᠠᠭ ᠬᠤᠲᠠ ᠲᠠᠢ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠲᠦᠭᠰᠢᠭᠦᠷᠢ ᠶᠢᠨ ᠴᠡᠭ ᠢ | ᠦᠨᠡᠨ ᠬᠦ ᠪᠠᠲᠤᠯᠠᠵᠤ᠂ ᠠᠵᠢᠯᠲᠠᠨ ᠤ ᠬᠠᠮᠤᠭ ᠤᠨ ᠲᠡᠷᠢᠭᠦᠨ ᠳᠤ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ | ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠢᠶᠠᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠩᠭᠤ ᠶᠢᠨ | ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠡᠷᠭᠡᠶᠢᠯᠡᠨ | ᠡᠵᠡᠮᠳᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ | ᠨᠡᠪᠲᠡᠷᠡᠯᠴᠡᠭᠡ ᠶᠢ ᠰᠢᠯᠤᠭᠤᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠡᠷᠡ ᠳᠠᠷᠤᠢ ᠳᠤᠨᠢ ᠳᠡᠭᠡᠭᠰᠢ | ᠳᠣᠷᠣᠭᠰᠢ ᠳᠠᠮᠵᠢᠭᠤᠯᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠬᠤᠯᠪᠣᠭᠳᠠᠯ ᠪᠦᠬᠦᠢ ᠪᠠᠶᠢᠳᠠᠯ ᠢ ᠴᠠᠭ | ᠲᠤᠬᠠᠢ ᠳᠤᠨᠢ ᠮᠡᠳᠡᠭᠳᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ | ᠥᠭᠴᠦ᠂ ᠬᠢᠵᠢᠭ ᠤᠨ ᠪᠠᠶᠢᠳᠠᠯ ᠢ ᠬᠢᠨᠠᠨ ᠵᠢᠯᠣᠭᠤᠳᠴᠤ ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠥᠷᠨᠢᠭᠦᠯᠬᠦ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠰᠡᠷᠭᠡᠶᠢᠯᠡᠬᠦ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ | ᠬᠠᠷᠢᠭᠤᠴᠠᠯᠭ᠎ᠠ ᠪᠠᠨ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠤᠯᠠᠭᠠᠨ ᠱᠤᠭᠤᠮ ᠢ | ᠡᠷᠡᠰ ᠰᠠᠬᠢᠬᠤ ᠬᠡᠷᠡᠭᠲᠡᠢ ᠭᠡᠪᠡ᠃ |