| | | 7 ᠰᠠᠷ᠎ᠠ ᠶᠢᠨ 7 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠂ | ᠰᠢᠨᠬᠤᠸᠠ ᠬᠤᠷᠢᠶᠠᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠤᠨ ᠲᠥᠪ ᠤᠨ ︽ | ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ᠦᠴᠤᠸᠠᠨ ᠰᠢᠶᠠᠨ ᠤ ᠳ᠋ᠧ ᠱᠧᠩ ᠭᠸᠤ ᠰᠢᠶᠠᠩ ᠤᠨ ᠳᠠᠯᠠᠨ ᠬᠠᠷ᠎ᠠ | ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠨ | ᠬᠥᠮᠦᠵᠢᠯ ᠤᠨ ᠲᠥᠪ ᠲᠤ ᠫᠠᠶᠢᠰᠠ ᠡᠯᠭᠦᠪᠡ᠃ | ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠢᠦᠶ ᠴᠠᠩ | ᠬᠤᠩ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠳᠠᠩ ᠶᠦᠩ᠂ ᠰᠢᠨᠬᠤᠸᠠ ᠬᠤᠷᠢᠶᠠᠨ ᠤ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠤᠨ ᠲᠥᠪ ᠤᠨ | ᠨᠠᠮ ᠤᠨ ᠡᠭᠦᠷ ᠤᠨ ᠱᠦᠵᠢ᠂ ᠡᠷᠬᠢᠯᠡᠭᠴᠢ ᠸᠠᠩ ᠢ ᠮᠢᠩ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ | ᠬᠤᠪᠢᠶᠠᠷᠢ ᠬᠤᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ | ᠬᠠᠷᠢᠭᠤᠴᠠᠯᠭᠠᠲᠠᠨ ᠷᠧᠨ ᠵᠢᠶᠦ᠋ᠨ ᠴᠤᠸᠠᠨ᠂ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ | ᠱᠧᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ | ᠭᠡᠷ ᠤᠨ ᠡᠷᠬᠢᠯᠡᠭᠴᠢ ᡁᠢ ᠵᠢᠶᠠᠨ ᠭᠠᠩ ᠣᠷᠣᠯᠴᠠᠪᠠ᠂ ᠫᠠᠶᠢᠰᠠ ᠰᠡᠬᠦᠬᠦ ᠶᠣᠰᠣᠯᠠᠯ ᠢ ᠰᠢᠶᠠᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ | ᠡᠷᠬᠢᠯᠡᠪᠡ᠃ | ᠶᠣᠰᠣᠯᠠᠯ ᠳᠡᠭᠡᠷ᠎ᠡ᠂ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠬᠦ ᠡᠳᠦᠷ ᠤᠳ ᠲᠤ᠂ ᠰᠢᠨᠬᠤᠸᠠ ᠬᠤᠷᠢᠶᠠᠨ ᠤ ᠥᠪᠥᠷ | ᠮᠣᠩᠭᠤᠯ ᠤᠨ ᠬᠤᠪᠢᠶᠠᠷᠢ ᠬᠤᠷᠢᠶ᠎ᠠ ᠶᠢᠨ ᠦᠴᠤᠸᠠᠨ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ | ᠬᠤᠪᠢᠰᠬᠠᠯ ᠤᠨ ᠰᠣᠶᠣᠯ ᠢ ᠮᠡᠳᠡᠷᠡᠨ ᠵᠥᠪᠰᠢᠶᠡᠷᠡᠭᠰᠡᠨ ᠳᠤ ᠲᠠᠯᠠᠷᠬᠠᠵᠤ ᠪᠠᠶᠢᠨ᠎ᠠ᠃ ︽ᠰᠢᠨᠬᠤᠸᠠ ᠬᠤᠷᠢᠶᠠᠨ ᠤ | ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ︽ᠰᠢᠨᠬᠤᠸᠠ | ᠬᠤᠷᠢᠶᠠᠨ ᠤ ᠰᠣᠨᠢᠨ ᠮᠡᠳᠡᠭᠡ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠳᠠᠬᠢ ᠨᠠᠮᠴᠢ ᠴᠢᠨᠠᠷ ᠤᠨ | ᠬᠥᠮᠦᠵᠢᠯ ᠤᠨ ᠲᠥᠪ ᠤᠨ ᠰᠠᠭᠤᠷᠢᠨ︾ ᠠᠳᠡ ᠵᠢᠩᠬᠢᠨᠢ ᠪᠠᠷ ᠫᠠᠶᠢᠰᠠ ᠡᠯᠭᠦᠭᠰᠡᠨ ᠨᠢ ᠦᠴᠤᠸᠠᠨ ᠤ ᠡᠨᠡᠬᠦ | ᠬᠤᠪᠢᠰᠬᠠᠯ ᠤᠨ ᠠᠷᠢᠭᠤᠨ ᠣᠷᠣᠨ ᠲᠠᠢ ᠬᠠᠮᠲᠤᠪᠠᠷ ᠨᠠᠮᠴᠢ ᠴᠢᠨᠠᠷ ᠤᠨ ᠬᠥᠮᠦᠵᠢᠯ ᠢ ᠥᠷᠨᠢᠭᠦᠯᠬᠦ ᠴᠢᠬᠤᠯᠠ | ᠰᠠᠭᠤᠷᠢᠨ ᠪᠣᠯᠬᠤ ᠨᠢ ᠯᠠᠪᠲᠠᠢ ᠶᠤᠮ᠃ ᠡᠭᠦᠨ ᠤ ᠬᠠᠮᠲᠤ ᠪᠠᠰᠠ ᠰᠢᠨᠬᠤᠸᠠ ᠬᠤᠷᠢᠶᠠᠨ ᠤ ᠥᠪᠥᠷ ᠮᠣᠩᠭᠤᠯ ᠤᠨ | ᠬᠤᠪᠢᠶᠠᠷᠢ ᠬᠤᠷᠢᠶ᠎ᠠ ᠶᠢᠨ ᠬᠢᠨ ᠦᠴᠤᠸᠠᠨ ᠰᠢᠶᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ | ᠳᠡᠮᠵᠢᠵᠦ᠂ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠦᠴᠤᠸᠠᠨ ᠢ ᠬᠠᠪᠰᠤᠷᠤᠨ ᠦᠴᠤᠸᠠᠨ ᠤ ᠦᠯᠢᠭᠡᠷ ᠢ | ᠰᠠᠶᠢᠲᠤᠷ ᠤᠬᠠᠭᠤᠯᠬᠤ ᠶᠢ ᠬᠦᠰᠡᠵᠦ ᠪᠠᠶᠢᠨ᠎ᠠ ᠭᠡᠪᠡ᠃ | | |