ᠦᠴᠤᠸᠠᠨ ᠰᠢᠶᠠᠨ ᠪᠦᠬᠦ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/13
     7 ᠰᠠᠷ᠎ᠠ ᠶᠢᠨ 11 ᠤ ᠡᠳᠦᠷ᠂ ᠦᠴᠤᠸᠠᠨ ᠰᠢᠶᠠᠨ ᠪᠦᠬᠦ ᠰᠢᠶᠠᠨ ᠤ ᠳᠠᠷᠠᠭᠠᠴᠢ ᠶᠢᠨ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠥᠬᠡᠬᠤᠲᠠ ᠶᠢᠨ ᠪᠣᠭᠤᠮᠲᠠ ᠶᠢᠨ ᠠᠵᠢᠯ ᠤᠨ ᠵᠥᠪᠯᠡᠯ ᠤᠨ ᠭᠡᠰᠢᠭᠦᠨ ᠰᠢᠶᠧ ᠠᠢ ᠫᠢᠩ᠂ ᠦᠴᠤᠸᠠᠨ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠰᠢᠶᠠᠨ ᠤ  ᠳᠡᠳ᠋ ᠳᠠᠷᠤᠭ᠎ᠠ᠂ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠶᠦᠨ ᠰᠢᠶᠤᠤ ᠮᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠳ᠋ᠢ ᠭᠦᠸᠧ ᠰᠢᠶᠦ᠋ᠩ ᠨᠠᠷ ᠬᠤᠷᠠᠯ ᠳᠤ ᠣᠷᠣᠯᠴᠠᠪᠠ᠃ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠤᠨ ᠪᠠᠶᠢᠩᠭᠤ ᠶᠢᠨ ᠭᠡᠰᠢᠭᠦᠨ᠂ ᠡᠯ᠎ᠡ ᠰᠢᠶᠠᠩ ᠪᠠᠯᠭᠠᠰᠤ᠂ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠪᠣᠭᠤᠮᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ᠂ ᠠᠬᠠᠮᠠᠳ ᠺᠠᠳ᠋ᠷ ᠤᠨ ᠲᠥᠯᠥᠭᠡᠯᠡᠭᠴᠢ ᠵᠡᠷᠭᠡ 80 ᠭᠠᠷᠤᠢ ᠬᠥᠮᠦᠨ ᠬᠤᠷᠠᠯ ᠳᠤ ᠣᠷᠣᠯᠴᠠᠪᠠ᠃      ᠬᠤᠷᠠᠯ ᠠᠴᠠ ᠪᠦᠬᠦ ᠬᠤᠲᠠ ᠶᠢᠨ ᠳᠠᠷᠠᠭᠠᠴᠢ ᠶᠢᠨ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠢᠳᠤᠨᠤᠨ ᠤ ᠪᠦᠬᠦ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠤᠨ ᠠᠵᠢᠯ ᠪᠣᠯᠤᠨ ᠡᠨᠡ ᠵᠢᠯ ᠤᠨ ᠳᠡᠭᠡᠷ᠎ᠡ ᠬᠠᠭᠠᠰ ᠵᠢᠯ ᠤᠨ ᠠᠵᠢᠯ ᠤᠨ ᠠᠬᠢᠴᠠ ᠶᠢ ᠡᠷᠭᠢᠴᠡᠭᠦᠯᠦᠨ ᠳ᠋ᠦᠩᠨᠡᠭᠰᠡᠨ ᠪᠥᠭᠡᠳ ᠡᠨᠡ ᠵᠢᠯ ᠤᠨ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠨᠢᠭᠡ ᠳᠤ᠂ ᠰᠢᠨ᠎ᠡ ᠴᠠᠭ ᠦᠶ᠎ᠡ ᠶᠢᠨ ᠳᠠᠷᠠᠭᠠᠴᠢ ᠶᠢᠨ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ︔ ᠬᠤᠶᠠᠷ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠣᠭᠤᠮᠲᠠ ᠶᠢᠨ ᠠᠵᠢᠯ ᠤᠨ ᠵᠥᠪᠯᠡᠯ ᠤᠨ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠬᠤ ᠬᠡᠷᠡᠭᠲᠡᠢ︔ ᠭᠤᠷᠪᠠ ᠳᠤ᠂ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠲᠤᠤᠱᠯᠠᠭᠤᠯᠬᠤ ᠬᠡᠷᠡᠭᠲᠡᠢ︔ ᠲᠦᠷᠪᠡ ᠳᠤ ᠪᠦᠬᠦ ᠨᠡᠶᠢᠭᠡᠮ ᠢᠶᠠᠷ ᠢᠶᠠᠨ ᠳᠣᠣᠷ᠎ᠠ ᠨᠢᠭᠡ ᠦᠶ᠎ᠡ ᠶᠢᠨ ᠬᠢᠨ ᠢ ᠬᠠᠯᠠᠮᠵᠢᠯᠠᠨ ᠲᠡᠮᠵᠢᠵᠤ ᠬᠠᠯᠠᠮᠵᠢᠯᠠᠬᠤ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠨᠠᠮ ᠵᠠᠰᠠᠭ ᠴᠤᠭᠭᠠᠷ ᠠᠳᠬᠤᠨ ᠬᠠᠮᠲᠤ ᠪᠠᠷ ᠬᠠᠮᠢᠶᠠᠷᠤᠭᠰᠠᠨ᠂ ᠠᠵᠢᠯᠯᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠲᠡᠶ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠭᠰᠠᠨ ᠳᠣᠣᠷ᠎ᠠ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠤ ᠱᠠᠭᠠᠷᠳᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠣᠣᠷ᠎ᠠ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠴᠢᠩᠭᠠᠳᠬᠠᠵᠤ᠂ ᠨᠡᠩ ᠤᠯᠡᠠ ︽ᠲᠠᠪᠤᠨ ᠨᠠᠰᠤᠲᠠᠨ︾ ᠢ ᠵᠣᠬᠢᠶᠠᠨ ᠪᠠᠶᠢᠭᠤᠯᠤᠨ ᠲᠡᠶᠢᠴᠢᠯᠡᠵᠦ ᠪᠠᠶᠢᠭᠠᠳ ᠪᠣᠭᠤᠮᠲᠠ ᠶᠢᠨ ᠠᠵᠢᠯ ᠤᠨ ᠵᠥᠪᠯᠡᠯ ᠤᠨ ᠡᠩᠨᠡᠭᠡᠨ ᠳᠤ ᠣᠷᠣᠯᠴᠠᠭᠤᠯᠵᠤ᠂ ︽ᠲᠠᠪᠤᠨ ᠰᠠᠶᠢᠨᠲᠠᠶ︾ ᠪᠠᠶᠢᠬᠤ ᠦᠨᠳᠦᠰᠦᠨ ᠱᠠᠲᠤᠨ ᠤ ᠪᠣᠭᠤᠮᠲᠠ ᠶᠢᠨ ᠠᠵᠢᠯ ᠤᠨ ᠵᠥᠪᠯᠡᠯ ᠤᠨ ᠪᠠᠷᠢᠮᠵᠢᠶ᠎ᠠ ᠳᠤ ᠬᠦᠷᠭᠡᠬᠦ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠳᠣᠣᠷ᠎ᠠ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠪᠣᠯᠭᠠᠨ ᠳᠡᠪᠰᠢᠭᠦᠯᠦᠶ᠎ᠡ ᠭᠡᠪᠡ︕
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号