ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/13
    7 ᠰᠠᠷ᠎ᠠ ᠶᠢᠨ 7 ᠤ ᠡᠳᠦᠷ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ ᠪᠥᠬᠦᠳᠡ ᠬᠤᠷᠠᠯ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠠᠳᠠ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ︔ ᠲᠥᠷᠥ ᠶᠢᠨ ᠶᠠᠪᠤᠳᠠᠯ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ ︔ 2021 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠥᠪ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ ᠪᠣᠯᠭᠠᠵᠤ᠂ ᠴᠢᠩᠭ᠎ᠠ ᠬᠦᠭ ᠠᠶᠠᠰ ᠢ ᠪᠠᠷᠢᠮᠲᠠᠯᠠᠨ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ ᠪᠣᠯᠭᠠᠵᠤ᠂ ᠠᠷᠢᠭᠤᠨ ᠴᠢᠬᠡᠴᠢ ᠪᠠᠶᠢᠬᠤ ᠰᠤᠷᠲᠠᠯ ᠢ ᠪᠤᠢ ᠪᠣᠯᠭᠠᠵᠤ᠂ ᠥᠪᠡᠷ ᠢ ᠪᠠᠨ ᠪᠣᠯᠪᠠᠰᠤᠷᠠᠭᠤᠯᠬᠤ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠥᠭᠡᠷᠡᠴᠢᠯᠡᠬᠦ ᠶᠢ ᠲᠠᠰᠤᠷᠠᠯᠳᠠ ᠦᠭᠡᠢ ᠴᠢᠩᠭᠠᠳᠬᠠᠵᠤ᠂ ᠤᠯᠤᠰ ᠲᠦᠷᠦ ᠶᠢᠨ ᠪᠣᠭᠤᠮᠲᠠ᠂ ᠡᠷᠬᠡ ᠶᠢᠨ ᠪᠣᠭᠤᠮᠲᠠ᠂ ᠶᠠᠪᠤᠯᠴᠠᠭ᠎ᠠ ᠶᠢᠨ ᠪᠣᠭᠤᠮᠲᠠ᠂ ᠠᠮᠢᠳᠤᠷᠠᠯ ᠤᠨ ᠪᠣᠭᠤᠮᠲᠠ᠂ ᠲᠦᠷᠦᠯ ᠰᠠᠳᠤᠨ ᠤ ᠰᠡᠳᠬᠢᠯᠭᠡ ᠶᠢᠨ ᠪᠣᠭᠤᠮᠲᠠ ᠶᠢ ᠦᠨᠡᠨ ᠬᠦ ᠪᠠᠲᠤ ᠰᠠᠬᠢᠬᠤ ᠬᠡᠷᠡᠭᠲᠡᠢ᠃ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠰᠦᠪ ᠢ ᠨᠢᠭᠡ ︽ᠬᠢᠵᠠᠭᠠᠷ︾᠂ ᠵᠠᠷᠤᠯᠭ᠎ᠠ ᠶᠢ ᠨᠢᠭᠡ ︽ᠠᠮᠠᠰᠠᠷ︾ ᠲᠠᠢ ᠪᠠᠶᠢᠯᠭᠠᠬᠤ ᠶᠢ ᠪᠡᠶᠡᠯᠡᠭᠦᠯᠵᠦ᠂ ︽ᠬᠠᠲᠠᠭᠤ ᠪᠤᠳᠤᠯᠭ᠎ᠠ︾ ᠶᠢ ᠰᠠᠶᠢᠲᠤᠷ ᠬᠢᠵᠦ᠂ ᠪᠠᠴᠢᠮ ᠬᠡᠷᠡᠭᠴᠡᠭᠡᠨ ᠤ ᠪᠤᠰᠤ ᠬᠠᠲᠠᠭᠤ ᠪᠤᠰᠤ ᠵᠠᠷᠤᠯᠭ᠎ᠠ ᠶᠢ ᠪᠠᠭᠠᠰᠬᠠᠬᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠢ ᠢᠯᠡ ᠪᠠᠷ ᠠᠷᠠᠯᠵᠢᠶᠠᠯᠠᠬᠤ᠂ ᠤᠯᠠᠨ ᠨᠡᠶᠢᠲᠡ ᠶᠢᠨ ᠢᠨᠵᠧᠨᠧᠷᠢᠩ ᠢ ᠢᠯᠡ ᠪᠠᠷ ᠪᠦᠳᠦᠭᠡᠨ ᠪᠠᠶᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠯᠡ ᠪᠠᠷ ᠥᠷᠨᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠶ᠃ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠵᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ︽ᠴᠢᠯᠥᠭᠡᠲᠡᠶ ᠲᠠᠯᠪᠢᠵᠤ ᠪᠣᠯᠬᠤ ᠶᠢ ᠨᠢ ᠴᠢᠯᠥᠭᠡᠲᠡᠶ ᠪᠣᠯᠭᠠᠬᠤ︾ ︽ᠴᠢᠯᠥᠭᠡᠲᠡᠶ ᠲᠠᠯᠪᠢᠬᠤ ᠶᠣᠰᠣᠲᠠᠶ ᠶᠢ ᠨᠢ ᠴᠥᠮ ᠴᠢᠯᠥᠭᠡᠲᠡᠶ ᠪᠣᠯᠭᠠᠬᠤ︾ ᠶᠢ ᠦᠷᠭᠦᠯᠵᠢᠯᠡᠨ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠴᠢᠳᠠᠮᠵᠢ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠰᠢᠭᠤᠳ ᠬᠦᠷᠴᠦ ᠲᠦᠷᠭᠡᠨ ᠡᠳ᠋ᠯᠡᠬᠦ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠠᠶᠢᠩᠭᠤ ᠶᠢᠨ ᠪᠠ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠪᠠᠷ ᠳᠠᠮᠵᠢᠭᠤᠯᠤᠨ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠬᠤ ᠵᠥᠪ ᠴᠢᠭᠯᠡᠯ ᠤᠨ ᠦᠢᠯᠡᠳᠦᠯ ᠢ ᠪᠤᠢ ᠪᠣᠯᠭᠠᠵᠤ᠂ ᠬᠢᠨᠠᠯᠲᠠ ᠲᠠᠯᠪᠢᠬᠤ ᠪᠠᠶᠢᠩᠭᠤ ᠶᠢᠨ ᠰᠡᠷᠭᠡᠶᠢᠯᠡᠯᠲᠡ ᠶᠢᠨ ᠱᠤᠭᠤᠮ ᠢ ᠨᠢᠭᠲᠠ ᠰᠦᠯᠵᠢᠵᠦ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠲᠤᠪᠤᠶᠢᠯᠭᠠᠨ᠂ ᠬᠢᠨᠠᠯᠲᠠ ᠲᠠᠯᠪᠢᠬᠤ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠦᠷᠢᠮ ᠤᠨ ᠪᠠᠶᠢᠭᠤᠯᠤᠯᠲᠠ ᠶᠢᠨ ︽ᠰᠢᠪᠡᠭᠡ ᠬᠠᠰᠢᠶ᠎ᠠ︾ ᠶᠢ ᠴᠢᠩᠭ᠎ᠠ ᠬᠤᠯᠪᠣᠵᠤ᠂ ᠢᠯᠵᠠᠷᠠᠬᠤ ᠵᠣᠷᠢᠭ ᠦᠭᠡᠢ ᠢᠯᠵᠠᠷᠠᠬᠤ ᠦᠭᠡᠢ ᠢᠯᠵᠠᠷᠠᠬᠤ ᠶᠢ ᠪᠤᠳᠤᠬᠤ ᠦᠭᠡᠢ ᠬᠠᠮᠢᠶᠠᠷᠤᠯᠲᠠ ᠶᠢᠨ ᠲᠦᠷᠢᠮ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠢᠯᠵᠠᠷᠠᠯ ᠢ ᠡᠰᠡᠷᠭᠦᠴᠡᠬᠦ ᠳᠤ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠥᠴᠦᠬᠡᠨ ᠴᠦ ᠬᠦᠯᠢᠴᠡᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号