ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ  ᠰᠢᠨᠬᠤᠸᠠ ᠬᠤᠷᠢᠶᠠᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠤᠨ ᠲᠥᠪ ᠤᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠦᠴᠤᠸᠠᠨ ᠰᠢᠶᠠᠨ ᠳᠤ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2022/7/13
     7 ᠰᠠᠷ᠎ᠠ ᠶᠢᠨ 7 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ  ᠬᠤᠷᠢᠶ᠎ᠠ ᠂ ᠰᠢᠨᠬᠤᠸᠠ ᠬᠤᠷᠢᠶᠠᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠤᠨ ᠲᠥᠪ ᠤᠨ ︽ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ᠦᠴᠤᠸᠠᠨ ᠰᠢᠶᠠᠨ ᠤ ᠳ᠋ᠧ ᠱᠧᠩ ᠭᠸᠤ ᠰᠢᠶᠠᠩ ᠤᠨ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠲᠥᠪ ᠲᠤ ᠫᠠᠶᠢᠰᠠ ᠡᠯᠭᠦᠪᠡ᠃      ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠢᠦᠶ ᠴᠠᠩ ᠬᠤᠩ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠩ ᠶᠦᠩ᠂ ᠰᠢᠨᠬᠤᠸᠠ ᠬᠤᠷᠢᠶᠠᠨ ᠤ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠤᠨ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠸᠠᠩ ᠢ ᠮᠢᠩ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠷᠧᠨ ᠵᠢᠶᠦ᠋ᠨ ᠴᠤᠸᠠᠨ᠂ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ᠂ ᠰᠢᠶᠠᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ ᠣᠷᠣᠯᠴᠠᠪᠠ᠂ ᠫᠠᠶᠢᠰᠠ ᠰᠡᠬᠦᠬᠦ ᠶᠣᠰᠣᠯᠠᠯ ᠢ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠡᠷᠬᠢᠯᠡᠪᠡ᠃      ᠶᠣᠰᠣᠯᠠᠯ ᠳᠡᠭᠡᠷ᠎ᠡ᠂ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠬᠦ ᠡᠳᠦᠷ ᠤᠳ ᠲᠤ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ  ᠬᠤᠷᠢᠶ᠎ᠠ ᠶᠢᠨ ᠦᠴᠤᠸᠠᠨ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠬᠤᠪᠢᠰᠬᠠᠯ ᠤᠨ ᠰᠣᠶᠣᠯ ᠢ ᠮᠡᠳᠡᠷᠡᠨ ᠵᠥᠪᠰᠢᠶᠡᠷᠡᠭᠰᠡᠨ ᠳᠤ ᠲᠠᠯᠠᠷᠬᠠᠵᠤ ᠪᠠᠶᠢᠨ᠎ᠠ᠃ ︽ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ︽ᠰᠢᠨᠬᠤᠸᠠ ᠬᠤᠷᠢᠶᠠᠨ ᠤ ᠰᠣᠨᠢᠨ ᠮᠡᠳᠡᠭᠡ ᠮᠡᠳᠡᠭᠡ ᠵᠠᠩᠭᠢ ᠶᠢᠨ ᠲᠥᠪ ᠤᠨ ᠥᠪᠥᠷ ᠮᠣᠩᠭᠤᠯ ᠳᠠᠬᠢ ᠨᠠᠮᠴᠢ ᠴᠢᠨᠠᠷ ᠤᠨ ᠬᠥᠮᠦᠵᠢᠯ ᠤᠨ ᠲᠥᠪ ᠤᠨ ᠰᠠᠭᠤᠷᠢᠨ︾ ᠠᠳᠡ ᠵᠢᠩᠬᠢᠨᠢ ᠪᠠᠷ ᠫᠠᠶᠢᠰᠠ ᠡᠯᠭᠦᠭᠰᠡᠨ ᠨᠢ ᠦᠴᠤᠸᠠᠨ ᠤ ᠡᠨᠡᠬᠦ ᠬᠤᠪᠢᠰᠬᠠᠯ ᠤᠨ ᠠᠷᠢᠭᠤᠨ ᠣᠷᠣᠨ ᠲᠠᠢ ᠬᠠᠮᠲᠤᠪᠠᠷ ᠨᠠᠮᠴᠢ ᠴᠢᠨᠠᠷ ᠤᠨ ᠬᠥᠮᠦᠵᠢᠯ ᠢ ᠥᠷᠨᠢᠭᠦᠯᠬᠦ ᠴᠢᠬᠤᠯᠠ ᠰᠠᠭᠤᠷᠢᠨ ᠪᠣᠯᠬᠤ ᠨᠢ ᠯᠠᠪᠲᠠᠢ ᠶᠤᠮ᠃ ᠡᠭᠦᠨ ᠤ ᠬᠠᠮᠲᠤ ᠪᠠᠰᠠ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠬᠢᠨ ᠦᠴᠤᠸᠠᠨ ᠰᠢᠶᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠦᠴᠤᠸᠠᠨ ᠢ ᠬᠠᠪᠰᠤᠷᠤᠨ ᠦᠴᠤᠸᠠᠨ ᠤ ᠦᠯᠢᠭᠡᠷ ᠢ ᠰᠠᠶᠢᠲᠤᠷ ᠤᠬᠠᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号