| | | 7 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠱᠠᠩᠬᠠᠶ ᠶᠢᠨ ᠹᠧᠩ ᠯᠢᠩ ᠨᠡᠷᠡᠮᠵᠢᠲᠦ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠱᠧᠨ ᠴᠤᠤ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠠᠯᠬᠢᠨ ᠬᠦᠴᠦᠨ ᠤ ᠰᠢᠨ᠎ᠡ | ᠡᠨᠧᠷᠭᠢ ᠶᠢᠨ ᠲᠥᠷᠦᠯ ᠵᠦᠢᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ | ᠰᠣᠯᠢᠯᠴᠠᠪᠠ᠃ | ᠱᠧᠨ ᠴᠤᠤ ᠺᠣᠮᠫᠠᠨᠢ ᠶᠢᠨ ᠦᠨᠳᠦᠰᠦᠨ ᠪᠠᠶᠢᠳᠠᠯ ᠪᠠ ᠲᠥᠷᠥᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ | ᠬᠠᠳᠠ ᠠᠴᠠ ᠱᠧᠨ ᠴᠤᠤ ᠨᠠᠷ ᠤᠨ ᠮᠠᠨ ᠤ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠭᠰᠠᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠵᠦ᠂ ᠲᠡᠷᠡ᠂ ᠰᠠᠯᠬᠢᠨ ᠬᠦᠴᠦᠨ ᠤ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠨᠢ ᠦᠴᠤᠸᠠᠨ ᠰᠢᠶᠠᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ | ᠂ ᠱᠠᠩᠬᠠᠢ ᠶᠢᠨ ᠹᠧᠩ ᠯᠢᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠲᠦᠷᠭᠡᠨ ᠬᠠᠮᠲᠤᠷᠠᠯᠴᠠᠵᠤ᠂ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠦᠷᠭᠡᠨ ᠠᠬᠢᠭᠤᠯᠵᠤ᠂ ᠲᠦᠷᠦᠯ ᠵᠦᠢᠯ ᠤᠨ ᠡᠷᠲᠡᠬᠡᠨ | ᠭᠡᠷ᠎ᠡ ᠲᠣᠭᠲᠠᠵᠤ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠪᠦᠳᠦᠭᠡᠨ ᠪᠠᠶᠢᠭᠤᠯᠤᠯᠲᠠ ᠶᠢᠨ ᠳᠤᠮᠳᠠ | ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ | ᠪᠡᠶᠡᠯᠡᠭᠦᠯᠵᠦ᠂ ᠦᠴᠤᠸᠠᠨ ᠤ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠬᠠᠳᠠ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠱᠠᠩᠬᠠᠢ ᠶᠢᠨ ᠹᠧᠩ ᠯᠢᠩ ᠰᠢᠨ᠎ᠡ | ᠡᠨᠧᠷᠭᠢ ᠶᠢᠨ ᠬᠢᠵᠠᠭᠠᠷᠲᠤ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠳᠡᠭᠡᠭᠰᠢ | ᠵᠣᠯᠭᠠᠭᠤᠯᠤᠨ ᠨᠡᠪᠲᠡᠷᠡᠯᠴᠡᠵᠦ᠂ ᠲᠦᠷᠦᠯ ᠵᠦᠢᠯ ᠤᠨ ᠵᠣᠬᠢᠴᠠᠭᠤᠯᠤᠨ ᠦᠢᠯᠡᠴᠢᠯᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠡᠷᠬᠡ ᠠᠰᠢᠭ ᠢ ᠪᠠᠲᠤᠯᠠᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠲᠦᠷᠦᠯ ᠵᠦᠢᠯ ᠤᠨ | ᠤᠷᠤᠭᠰᠢᠲᠠᠢ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | |