ᠬᠠᠳᠠ ᠵᠦᠩ ᠶᠧ ᠱᠧᠨ ᠬᠠᠶᠢᠨ ᠰᠢᠨᠵᠢᠬᠦ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ ᠳ᠋ᠡ ᠫᠧᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/7/13
     7 ᠰᠠᠷ᠎ᠠ ᠶᠢᠨ 11 ᠤ ᠡᠳᠦᠷ᠂ ᠬᠠᠳᠠ ᠵᠦᠩ ᠶᠧ ᠱᠧᠨ ᠬᠠᠶᠢᠨ ᠰᠢᠨᠵᠢᠬᠦ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ ᠳ᠋ᠡ ᠫᠧᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠬᠤᠪᠢᠰᠬᠠᠯ ᠤᠨ ᠰᠣᠳᠣᠨ ᠵᠤᠭᠠᠴᠠᠯ ᠤᠨ ᠦᠵᠡᠮᠵᠢ ᠶᠢᠨ ᠱᠤᠭᠤᠮ ᠤᠨ ᠠᠮᠢ ᠠᠬᠤᠢ ᠶᠢ ᠰᠡᠷᠭᠦᠭᠡᠬᠦ ᠪᠠ ᠦᠵᠡᠮᠵᠢ ᠶᠢ ᠳᠡᠭᠡᠭᠰᠢᠯᠡᠭᠦᠯᠬᠦ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠭᠦᠨᠵᠡᠭᠡᠢ ᠰᠣᠯᠢᠯᠴᠠᠪᠠ᠃      ᠬᠡᠯᠡᠯᠴᠡᠭᠡ ᠳᠤ᠂ ᠢᠦᠢ ᠳ᠋ᠡ ᠫᠧᠩ ᠵᠦᠩ ᠶᠧ ᠱᠧᠨ ᠬᠠᠶᠢᠨ ᠰᠢᠨᠵᠢᠬᠦ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠦᠴᠤᠸᠠᠨ ᠰᠢᠶᠠᠨ ᠲᠠᠢ ᠬᠤᠯᠪᠣᠭᠠᠯᠠᠨ ᠢᠲᠡᠭᠡᠯᠴᠡᠬᠦ ᠪᠠᠨ ᠦᠷᠭᠦᠯᠵᠢᠯᠡᠨ ᠴᠢᠩᠭᠠᠳᠬᠠᠵᠤ᠂ ᠨᠡᠩ ᠪᠦᠬᠦ ᠲᠠᠯ᠎ᠠ ᠶᠢᠨ᠂ ᠤᠯᠠᠨ ᠡᠰᠢᠲᠦ ᠬᠠᠮᠲᠤᠷᠠᠯᠴᠠᠭ᠎ᠠ ᠶᠢ ᠢᠳᠡᠪᠬᠢᠲᠡᠢ ᠰᠦᠪᠡᠭᠴᠢᠯᠡᠬᠦ ᠶᠢ ᠬᠦᠰᠡᠪᠡ᠃ ᠡᠭᠦᠨ ᠤ ᠬᠠᠮᠲᠤ ᠪᠠᠰᠠ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠠ ᠭᠤᠣᠯᠯᠠᠭᠴᠢ ᠬᠦᠴᠦᠨ ᠢ ᠨᠠᠷᠢᠨ ᠨᠢᠮᠪᠠᠢ ᠰᠣᠩᠭᠤᠨ ᠲᠣᠮᠢᠯᠠᠵᠤ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠦᠴᠤᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠠᠪᠤᠴᠠ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ ᠭᠡᠪᠡ᠃      ᠬᠠᠳᠠ ᠬᠤᠶᠠᠷ ᠲᠠᠯ᠎ᠠ ᠪᠠᠷ ᠢᠶᠠᠨ ᠤᠯᠤᠯᠴᠠᠵᠤ ᠵᠣᠯᠭᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠬᠤᠪᠢᠰᠬᠠᠯ ᠤᠨ ᠰᠣᠳᠣᠨ ᠵᠤᠭᠠᠴᠠᠯ ᠤᠨ ᠦᠵᠡᠮᠵᠢ ᠶᠢᠨ ᠱᠤᠭᠤᠮ ᠤᠨ ᠠᠮᠢ ᠠᠬᠤᠢ ᠶᠢ ᠰᠡᠷᠭᠦᠭᠡᠬᠦ ᠪᠠ ᠦᠵᠡᠮᠵᠢ ᠶᠢ ᠳᠡᠭᠡᠭᠰᠢᠯᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠡᠯ᠎ᠡ ᠲᠦᠷᠦᠯ ᠤᠨ ᠠᠰᠠᠭᠤᠳᠠᠯ ᠪᠣᠯᠤᠨ ᠬᠦᠴᠢᠷᠳᠡᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号