︵ᠰᠤᠷᠪᠤᠯᠵᠢᠯᠠᠭᠴᠢ ᠶᠦᠨ ᠶᠠᠨ ᠹᠠᠩ︶ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ 2022 ᠣᠨ ᠤ ᠬᠤᠶᠠᠳᠤᠭᠠᠷ ᠪᠦᠯᠦᠭ ᠤᠨ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠶᠢ 13360 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠂ ᠢᠦᠢ ᠴᠢᠤᠸᠠᠨ | ᠲᠣᠭᠤᠷᠢᠭ ᠤᠨ 4 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢᠨ ᠲᠦᠷᠦᠯ ᠵᠦᠢᠯ ᠨᠢ ᠲᠥᠪ ᠤᠨ ᠲᠥᠰᠥᠪ ᠤᠨ | ᠳᠣᠲᠣᠷᠠᠬᠢ ᠪᠡᠯᠡ ᠮᠥᠩᠭᠦ ᠶᠢᠨ 4360 ᠲᠦᠮᠡᠨ ᠲᠥᠭᠦᠷᠢᠭ ᠤᠨ ᠳᠡᠮᠵᠢᠯᠭᠡ ᠣᠯᠪᠠ︔ ᠬᠤᠷᠢᠨᠭᠡᠷ ᠰᠢᠨ᠎ᠡ | ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ 9000 ᠲᠦᠮᠡᠨ ᠲᠥᠭᠦᠷᠢᠭ ᠤᠨ ᠳᠡᠮᠵᠢᠯᠭᠡ ᠣᠯᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠡᠯᠡ ᠮᠥᠩᠭᠦᠨ ᠤ ᠲᠥᠯᠥᠪᠯᠡᠭᠡ ᠶᠢ | ᠤᠯᠠᠮᠵᠢᠯᠠᠨ ᠲᠠᠷᠬᠠᠭᠠᠵᠤ᠂ ᠡᠯ᠎ᠡ ᠲᠥᠷᠥᠯ ᠵᠦᠢᠯ ᠤᠨ ᠨᠢᠭᠡᠴᠡ ᠶᠢ ᠲᠥᠷᠥᠯ ᠵᠦᠢᠯ ᠤᠨ ᠬᠠᠮᠢᠶᠠᠷᠤᠯᠲᠠ ᠪᠠᠨ | ᠴᠢᠩᠭᠠᠳᠬᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠮᠠᠭᠠᠢ ᠵᠣᠬᠢᠶᠠᠨ ᠪᠠᠶᠢᠭᠤᠯᠵᠤ᠂ ᠲᠥᠷᠥᠯ | ᠵᠦᠢᠯ ᠤᠨ ᠲᠠᠷᠠᠭᠠᠴᠢ ᠶᠢᠨ ᠬᠢᠨᠠᠯᠲᠠ ᠬᠠᠮᠢᠶᠠᠷᠤᠯᠲᠠ᠂ ᠬᠢᠨᠠᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠮᠠᠨ ᠤ | ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | |