7 ᠳ᠋ᠤᠭᠠᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/7/14
     7 ᠳ᠋ᠤᠭᠠᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠪᠠᠶᠠᠨᠨᠠᠭᠤᠷ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠥᠮᠥᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠡᠰᠢᠷᠡᠵᠦ ᠡᠮᠨᠡᠯᠭᠡ ᠠᠴᠠ ᠭᠠᠷᠪᠠ᠃ 7 ᠳ᠋ᠤᠭᠠᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 30 ︵ᠴᠥᠮ ᠪᠠᠶᠠᠨᠨᠠᠭᠤᠷ ᠬᠤᠲᠠ ᠳᠤ︶ ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠪᠠᠶᠠᠨᠨᠠᠭᠤᠷ ᠬᠤᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 17 ︵ᠴᠥᠮ ᠬᠥᠬᠡᠬᠤᠲᠠ ᠳᠤ︶ ᠪᠣᠢ᠃ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号