ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/15
     7 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ︔ ︽ᠦᠴᠤᠸᠠᠨ ᠰᠢᠶᠠᠨ ᠤ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠬᠢᠨᠠᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠨᠠᠶᠢᠷᠠᠭᠤᠯᠤᠨ ᠵᠣᠬᠢᠶᠠᠬᠤ ᠪᠣᠯ ᠨᠢᠭᠡ ᠵᠦᠢᠯ ᠤᠨ ᠰᠠᠭᠤᠷᠢ ᠴᠢᠨᠠᠷᠲᠠᠶ ᠠᠵᠢᠯ ᠮᠥᠨ᠂ ᠪᠠᠰᠠ ᠴᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠤᠷᠢᠲᠠᠯ ᠪᠠ ᠪᠠᠲᠤᠯᠠᠭ᠎ᠠ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯᠲᠡᠨ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠦᠴᠤᠸᠠᠨ ᠰᠢᠶᠠᠨ ᠤ ᠣᠷᠣᠨ ᠪᠦᠰᠡ ᠶᠢᠨ ᠣᠨᠴᠠᠯᠢᠭ ᠪᠠ ᠠᠵᠢᠯ ᠲᠦᠷᠦᠯ ᠤᠨ ᠣᠨᠴᠠᠯᠢᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠨᠥᠬᠦᠪᠥᠷᠢᠯᠡᠨ ᠲᠡᠭᠦᠯᠳᠡᠷᠵᠢᠭᠦᠯᠵᠦ᠂ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠴᠢᠩᠭᠠᠳᠬᠠᠬᠤ ᠬᠡᠷᠡᠭᠲᠡᠶ ᠭᠡᠪᠡ᠃      ᠬᠤᠷᠠᠯ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠭᠰᠠᠨ ᠬᠤᠳᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠭᠦᠢᠴᠡᠳ ᠲᠤᠪᠤᠶᠢᠯᠭᠠᠨ᠎ᠠ ᠭᠡᠵᠦ ᠳᠤᠷᠠᠳᠪᠠ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠩᠭᠢᠯᠠᠭ᠎ᠠ ᠨᠢ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠵᠢᠱᠢᠶ᠎ᠡ ᠪᠣᠯᠬᠤ ᠬᠤᠳᠠ ᠶᠢ ᠰᠢᠯᠭᠠᠨ ᠦᠨᠡᠯᠡᠬᠦ ᠰᠢᠰᠲ᠋ᠧᠮ ᠭᠡᠬᠦ ᠡᠨᠡᠬᠦ ᠪᠠᠷᠢᠮᠵᠢᠶ᠎ᠠ ᠶᠢ ᠲᠡᠷᠡ ᠬᠡᠪ ᠢᠶᠠᠷ ᠨᠢ ᠰᠠᠶᠢᠲᠤᠷ ᠬᠡᠷᠡᠭᠯᠡᠵᠦ᠂ ᠤᠨᠢᠨ ᠳᠡᠭᠡᠷ᠎ᠡ ᠨᠢ ᠨᠠᠷᠢᠯᠢᠬᠵᠢᠭᠤᠯᠤᠨ᠂ ᠨᠠᠷᠢᠯᠢᠭ ᠰᠡᠶᠢᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ᠳᠤᠲᠠᠭᠤᠳᠠᠯ ᠢᠶᠠᠨ ᠨᠥᠬᠦᠪᠥᠷᠢᠯᠡᠵᠦ ᠂ ᠨᠠᠷᠢᠨ ᠵᠦᠢᠯᠡᠰ ᠲᠤ ᠨᠢᠭᠤᠭᠳᠠᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠨᠢᠭᠡ ᠨᠢᠭᠡ ᠪᠠᠷ ᠲᠦᠷᠢᠮ ᠪᠣᠯᠭᠠᠨ ᠲᠣᠭᠲᠠᠪᠤᠷᠢᠵᠢᠭᠤᠯᠤᠨ ᠤᠷᠳᠤ ᠬᠤᠭᠤᠴᠠᠭ᠎ᠠ ᠪᠠᠷ ᠬᠡᠷᠡᠭᠵᠢᠭᠦᠯᠵᠦ᠂ ᠤᠷᠳᠤ ᠬᠤᠭᠤᠴᠠᠭ᠎ᠠ ᠪᠠᠷ ᠬᠡᠷᠡᠭᠵᠢᠭᠦᠯᠵᠦ᠂ ᠬᠡᠷᠡᠭᠵᠢᠭᠦᠯᠪᠡᠯ ᠵᠠᠪᠠᠯ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号