ᠴᠢᠩ ᠱᠦᠢ ᠡᡁᠧ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠲᠤᠰᠬᠠᠢ ᠲᠦᠷᠦᠯ ᠤᠨ ᠥᠷᠢ ᠥᠭᠴᠡᠭᠡᠨ ᠤ ᠡᠷᠬᠡ ᠶᠢ ᠰᠢᠯᠵᠢᠭᠦᠯᠬᠦ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2022/7/15
     7 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠰᠢᠶᠠᠨ ᠤ ᠲᠤᠰᠬᠠᠶ  ᠵᠦᠢᠯ ᠤᠨ ᠥᠷᠢ ᠥᠭᠴᠡᠭᠡᠨ ᠤ ᠡᠷᠬᠡ ᠶᠢ ᠰᠢᠯᠵᠢᠭᠦᠯᠦᠨ ᠥᠭᠬᠦ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠦᠴᠤᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠠᠷᠢᠭᠤᠴᠠᠯᠭᠠᠲᠠᠨ ᠲᠤᠰᠬᠠᠶ ᠵᠦᠢᠯ ᠤᠨ ᠥᠷᠢ ᠥᠭᠴᠡᠭᠡᠨ ᠤ ᠡᠷᠬᠡ ᠶᠢ ᠰᠢᠯᠵᠢᠭᠦᠯᠦᠨ ᠥᠭᠬᠦ ᠠᠵᠢᠯ ᠤᠨ ᠶᠠᠪᠤᠴᠠ ᠪᠠ ᠣᠳᠣᠬᠢ ᠱᠠᠲᠤᠨ ᠤ ᠠᠵᠢᠯ ᠤᠨ ᠠᠬᠢᠴᠠ ᠶᠢ ᠬᠠᠷᠢᠭᠤ ᠮᠡᠳᠡᠭᠦᠯᠪᠡ᠃ ᠲᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠤᠷᠤᠯᠴᠠᠨ ᠰᠣᠯᠢᠯᠴᠠᠪᠠ᠃      ᠴᠢᠩ ᠱᠦᠢ ᠡᡁᠧ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠳᠬᠡᠬᠦ ᠳᠡᠭᠡᠨ᠂ ᠲᠤᠰ ᠤᠳᠠᠭ᠎ᠠ ᠶᠢᠨ ᠠᠶᠢᠯᠴᠢᠯᠠᠯᠲᠠ ᠶᠢᠨ ᠵᠣᠷᠢᠯᠭ᠎ᠠ ᠨᠢ ᠲᠤᠰᠬᠠᠢ ᠲᠦᠷᠦᠯ ᠤᠨ ᠥᠷᠢ ᠥᠭᠴᠡᠭᠡᠨ ᠤ ᠡᠷᠬᠡ ᠶᠢ ᠰᠢᠯᠵᠢᠭᠦᠯᠦᠨ ᠥᠭᠬᠦ ᠬᠠᠮᠢᠶ᠎ᠠ ᠪᠦᠬᠦᠢ ᠲᠤᠷᠰᠢᠯᠭ᠎ᠠ ᠠᠷᠭ᠎ᠠ ᠶᠢ ᠰᠣᠯᠢᠯᠴᠠᠨ ᠰᠤᠷᠤᠯᠴᠠᠬᠤ ᠶᠢᠨ ᠲᠥᠯᠥᠭᠡ ᠶᠤᠮ᠂ ᠲᠤᠰ ᠤᠳᠠᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠵᠤ᠂ ᠰᠠᠶᠢᠨ ᠲᠠᠢ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠠᠵᠢᠯ ᠤᠨ ᠰᠡᠳᠬᠢᠬᠦᠢ ᠶᠢᠨ ᠰᠢᠨ᠎ᠡ ᠶᠢ ᠡᠭᠦᠳᠴᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨᠡᠭᠦᠨ ᠢᠶᠠᠷ ᠠᠵᠠ ᠲᠣᠬᠢᠶᠠᠯ ᠪᠣᠯᠭᠠᠵᠤ᠂ ᠬᠤᠶᠢᠰᠢᠳᠠ ᠶᠢᠨ ᠠᠵᠢᠯ ᠳᠤᠮᠳᠠ ᠪᠠᠨ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠬᠠᠮᠲᠤᠪᠠᠷ ᠳᠡᠭᠡᠭᠰᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号