ᠠᠩᠬᠠᠳᠤᠭᠠᠷ ᠬᠤᠭᠤᠴᠠᠭᠠᠨ ᠤ ᠯᠣᠣ ᠨᠢᠦ ᠸᠠᠨ ᠤ ᠬᠠᠲᠤᠨ ᠭᠤᠣᠯ ᠤᠨ ᠵᠤᠨ ᠤ ᠨᠠᠶᠢᠷ 23 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2022/7/16
      7 ᠳ᠋ᠤᠭᠠᠷ ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠣᠶᠢᠯᠠᠭᠠᠭᠰᠠᠨ ᠢᠶᠠᠷ᠂ 2022 ᠣᠨ ᠤ ᠯᠣᠣ ᠨᠢᠦ ᠸᠠᠨ ᠤ ᠬᠠᠲᠤᠨ ᠭᠤᠣᠯ ᠤᠨ ᠵᠤᠨ ᠤ ᠨᠠᠶᠢᠷ ᠤᠨ ᠰᠢᠷᠢᠰ ᠠᠵᠢᠯᠯᠠᠭ᠎ᠠ 7 ᠳ᠋ᠤᠭᠠᠷ ᠰᠠᠷ᠎ᠠ ᠶᠢᠨ 23 ᠤ ᠡᠳᠦᠷ ᠠᠴᠠ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠶᠠᠪᠤᠭᠳᠠᠬᠤ ᠪᠠᠷ ᠪᠣᠢ᠃ ᠠᠵᠢᠯᠯᠠᠭ᠎ᠠ ᠨᠢ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠳᠤ ᠶᠠᠪᠤᠭᠳᠠᠨ᠎ᠠ᠃      ᠠᠩᠬᠠᠳᠤᠭᠠᠷ ᠬᠤᠭᠤᠴᠠᠭᠠᠨ ᠤ ᠯᠣᠣ ᠨᠢᠦ ᠸᠠᠨ ᠤ ᠬᠠᠲᠤᠨ ᠭᠤᠣᠯ ᠤᠨ ᠵᠤᠨ ᠤ ᠨᠠᠶᠢᠷ ᠤᠨ ᠰᠢᠷᠢᠰ ᠠᠵᠢᠯᠯᠠᠭ᠎ᠠ ᠶᠢ ᠬᠤᠶᠠᠷ ᠲᠠᠯᠠᠪᠠᠢ ᠬᠤᠪᠢᠶᠠᠪᠠ᠂ ᠡᠭᠦᠨ ᠳᠤ ᠯᠣᠣ ᠨᠢᠦ ᠸᠠᠨ ᠤ ᠬᠠᠲᠤᠨ ᠭᠤᠣᠯ ᠤᠨ ᠳᠠᠭᠤᠤ ᠬᠦᠭᠵᠢᠮ ᠫᠢᠸᠤ᠋ ᠶᠢᠨ ᠨᠠᠶᠢᠷ ᠤᠨ ᠲᠠᠯᠠᠪᠠᠢ ᠪᠠ ᠯᠣᠣ ᠨᠢᠦ ᠸᠠᠨ ᠤ ᠭᠤᠣᠯ ᠤᠨ ᠬᠥᠪᠡᠭᠡᠨ ᠳᠤ ᠣᠳᠤᠳ ᠰᠣᠨᠢᠷᠬᠠᠬᠤ ᠬᠡᠭᠡᠷ᠎ᠡ ᠶᠢᠨ ᠪᠠᠭᠤᠴᠠ ᠶᠢᠨ ᠨᠠᠶᠢᠷ ᠪᠠᠭᠲᠠᠵᠤ᠂ ᠭᠤᠶᠢᠳᠠ ᠦᠵᠡᠮᠵᠢ᠂ ᠰᠠᠶᠢᠨ ᠠᠷᠢᠬᠢ᠂ ᠠᠮᠲᠠᠲᠤ ᠢᠳᠡᠭᠡᠨ᠂ ᠤᠷᠠᠯᠢᠭ ᠤᠨ ᠦᠵᠡᠭᠦᠯᠦᠯᠭᠡ᠂ ᠲᠠᠶᠢᠰᠠᠨ ᠤ ᠤᠷᠠᠯᠢᠭ ᠵᠡᠷᠭᠡ ᠪᠠᠷ ᠳᠠᠮᠵᠢᠭᠤᠯᠤᠨ ︽ᠢᠳᠡᠵᠦ ᠤᠤᠭᠤᠬᠤ᠂ ᠬᠤᠨᠤᠵᠤ ᠬᠡᠪᠲᠡᠬᠦ᠂ ᠠᠶᠠᠯᠠᠵᠤ ᠲᠣᠭᠤᠷᠢᠬᠤ᠂  ᠵᠤᠭᠠᠴᠠᠵᠤ ᠨᠠᠭᠠᠳᠤᠬᠤ᠂ ᠶᠠᠭᠤᠮ᠎ᠠ ᠪᠠᠷᠠᠭ᠎ᠠ ᠬᠤᠳᠠᠯᠳᠤᠨ ᠠᠪᠬᠤ᠂ ᠵᠤᠭᠠᠯᠠᠵᠤ ᠴᠡᠩᠬᠡᠯᠳᠦᠬᠦ︾ ᠶᠢ ᠬᠠᠮᠤᠷᠤᠭᠰᠠᠨ ᠬᠠᠮ ᠬᠡᠯᠪᠡᠷᠢ ᠶᠢᠨ ᠬᠠᠲᠤᠨ ᠭᠤᠣᠯ ᠤᠨ ᠵᠢᠭᠤᠯᠴᠢᠯᠠᠯ ᠢ ᠪᠣᠢ ᠪᠣᠯᠭᠠᠨ᠎ᠠ᠃      ᠵᠢᠭᠤᠯᠴᠢᠯᠠᠭᠴᠢᠳ ᠲᠤ ᠰᠠᠨᠠᠭᠤᠯᠬᠤ ᠨᠢ᠂ ᠠᠵᠢᠯᠯᠠᠭ᠎ᠠ ᠶᠢᠨ ᠲᠠᠯᠠᠪᠠᠶ ᠳᠤ ᠣᠷᠣᠬᠤ ᠳᠠᠭᠠᠨ ᠬᠦ᠋ᠬᠡᠬᠤᠲᠠ ᠶᠢᠨ ᠺᠣᠳ᠋ ᠰᠢᠯᠭᠠᠬᠤ ᠳᠤ ᠬᠠᠮᠵᠢᠯᠴᠠᠨ᠂ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ᠂ ᠠᠮᠠᠪᠴᠢ ᠵᠡᠭᠦᠵᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠬᠡᠷᠡᠭᠲᠡᠢ᠃ ᠬᠥᠬᠡᠬᠤᠲᠠ ᠳᠤ ᠢᠷᠡᠬᠦ ︵ᠪᠤᠴᠠᠬᠤ︶ ᠬᠥᠮᠥᠰ 48 ᠴᠠᠭ ᠤᠨ ᠳᠣᠲᠤᠷᠠᠬᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号