ᠪᠣᠣ ᠭᠠᠩ ᠾᠧ ᠬᠠᠢ ᠳ᠋ᠦᠩ ᠬᠤᠸᠠ ᠴᠢᠶᠠᠩ ᠹᠠᠩ ᠲᠧ ᠪᠦᠯᠦᠭᠯᠡᠯ ᠤᠨ ᠶᠡᠷᠦᠩᠬᠡᠢ ᠵᠠᠬᠢᠷᠤᠯ ᠯᠢᠦ ᠳ᠋ᠣᠣ ᠴᠢᠶᠠᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/7/18
     ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠸᠠ ᠴᠢᠶᠠᠩ ᠹᠠᠩ ᠲᠧ ᠪᠦᠯᠦᠭᠯᠡᠯ ᠤᠨ ᠶᠡᠷᠦᠩᠬᠡᠢ ᠵᠠᠬᠢᠷᠤᠯ ᠯᠢᠦ ᠳ᠋ᠣᠣ ᠴᠢᠶᠠᠩ ᠨᠠᠷ ᠲᠠᠢ ᠠᠭᠤᠯᠵᠠᠪᠠ᠃ ᠠᠭᠤᠯᠵᠠᠯᠲᠠ ᠳᠤᠮᠳᠠ᠂ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠢᠦ ᠳ᠋ᠣᠣ ᠴᠢᠶᠠᠩ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ      ᠲᠡᠷᠡ ᠬᠡᠯᠡᠬᠦ ᠳᠡᠭᠡᠨ᠂ ᠬᠥᠬᠡᠬᠤᠲᠠ ᠪᠣᠯ ᠤᠯᠤᠰ ᠤᠨ ᠲᠡᠦᠬᠡ ᠰᠣᠶᠣᠯ ᠤᠨ ᠨᠠᠷᠠᠲᠤ ᠬᠤᠲᠠ ᠮᠥᠨ᠂ ᠪᠠᠰᠠ ᠴᠤ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ ᠮᠥᠨ᠂ ᠣᠷᠣᠨ ᠪᠦᠰᠡ ᠶᠢᠨ ᠳᠣᠲᠣᠷᠠᠬᠢ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ᠂ ᠵᠠᠮ ᠬᠠᠷᠢᠯᠴᠠᠭ᠎ᠠ ᠣᠯᠠᠨ ᠲᠥᠷᠥᠯ ᠤᠨ ᠪᠦᠭᠡᠳ ᠳᠥᠭᠦᠮ ᠳᠥᠲᠡ ᠪᠠᠶᠢᠳᠠᠭ᠃ ᠣᠳᠣᠬᠠᠨ ᠳᠤ᠂ ᠣᠷᠣᠨ ᠤ ᠲᠥᠪ ᠬᠤᠲᠠ ᠨᠢ ᠶᠠᠭ ︽ᠳᠥᠷᠪᠡᠨ ᠣᠷᠣᠨ ᠪᠦᠰᠡ ᠶᠢᠨ ᠲᠥᠪ︾ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ︽ᠳᠥᠷᠪᠡᠨ ᠶᠡᠭᠡ ᠠᠵᠤ ᠠᠬᠤᠢ ᠶᠢᠨ ᠲᠣᠭᠤᠷᠢᠭ︾ ᠢ ᠢᠳᠡᠪᠬᠢᠲᠡᠢ ᠲᠦᠯᠬᠢᠨ ᠠᠬᠢᠭᠤᠯᠬᠤ ᠶᠢᠨ ᠬᠠᠮᠲᠤ ᠠᠭᠤᠰᠤᠯᠴᠠᠭᠤᠯᠵᠤ᠂ ︽ᠲᠠᠪᠤᠨ ᠲᠣᠬᠢᠷᠠᠮᠵᠢᠲᠠᠢ ᠬᠤᠲᠠ︾ ᠶᠢ ᠲᠦᠷᠭᠡᠳᠬᠡᠨ ᠪᠦᠲᠦᠭᠡᠨ ᠪᠠᠶᠢᠭᠤᠯᠵᠤ ᠪᠠᠶᠢᠨ᠎ᠠ᠃ ᠡᠭᠦᠨ ᠳᠤ᠂ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ᠢ ᠪᠠᠶᠢᠭᠤᠯᠬᠤ᠂ ᠬᠥᠬᠡᠬᠤᠲᠠ ᠪᠤᠭᠤᠲᠤ ᠣᠷᠳᠣᠰ ᠤᠨ ︽ᠨᠢᠭᠡ ᠴᠠᠭ ᠤᠨ ᠬᠤᠲᠠ ᠶᠢᠨ ᠲᠣᠭᠤᠷᠢᠭ︾ ᠢ ᠰᠠᠨᠠᠭᠠᠴᠢᠯᠠᠭ᠎ᠠ  ᠠᠴᠠ ᠪᠠᠨ ᠬᠥᠲᠥᠯᠥᠨ ᠳᠠᠭᠠᠭᠤᠯᠬᠤ᠂ ᠪᠡᠭᠡᠵᠢᠩ ᠲᠢᠶᠠᠨᠵᠢᠨ ᠾᠧᠪᠧᠢ ᠶᠢᠨ ︽ᠬᠤᠶᠠᠷ ᠴᠠᠭ ᠤᠨ ᠠᠵᠤ ᠠᠬᠤᠢ ᠶᠢᠨ ᠲᠣᠭᠤᠷᠢᠭ︾ ᠲᠤ ᠭᠦᠨᠵᠡᠭᠡᠢ ᠠᠭᠤᠰᠤᠯᠴᠠᠬᠤ ᠵᠢᠴᠢ ︽ᠵᠤᠭᠠᠴᠠᠬᠤ ᠳᠤ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ ᠨᠢ ᠴᠥᠮ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠳᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠬᠠᠩᠭᠠᠭᠰᠠᠨ ᠪᠠᠶᠢᠨ᠎ᠠ᠃ ᠬᠤᠸᠠ ᠴᠢᠶᠠᠩ ᠹᠠᠩ ᠲᠧ ᠣᠷᠣᠨ ᠤ ᠲᠥᠪ ᠬᠤᠲᠠ ᠳᠤ ᠣᠷᠣᠨ ᠪᠦᠰᠡ ᠶᠢᠨ ᠵᠤᠭ᠎ᠠ ᠴᠡᠩᠭᠡᠯ ᠤᠨ ᠲᠥᠪ ᠪᠣᠯᠵᠤ ᠬᠥᠭᠵᠢᠬᠦ ᠪᠣᠯᠣᠨ᠎ᠠ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠡᠮᠵᠢᠨ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ᠂ ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠥᠷᠥᠯ ᠵᠦᠢᠯ ᠢ ᠡᠷᠲᠡᠬᠡᠨ ᠬᠥᠬᠡᠬᠤᠲᠠ ᠳᠤ ᠨᠠᠶᠢᠳᠠᠪᠤᠷᠢᠵᠢᠭᠤᠯᠬᠤ ᠶᠢ ᠬᠠᠮᠲᠤ ᠪᠠᠷ ᠰᠦᠪᠡᠭᠴᠢᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠯᠢᠦ ᠳ᠋ᠣᠣ ᠴᠢᠶᠠᠩ ᠬᠤᠸᠠ ᠴᠢᠶᠠᠩ ᠹᠠᠩ ᠲᠧ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠵᠠᠭᠪᠤᠷ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠳᠤ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ ᠲᠠᠢ᠂ ᠲᠦᠷᠭᠡᠨ ᠤ ᠲᠡᠮᠦᠷ ᠵᠠᠮ ᠭᠠᠵᠠᠷ ᠳᠣᠣᠷᠠᠬᠢ ᠲᠡᠮᠦᠷ ᠵᠠᠮ ᠤᠨ ᠵᠠᠮ ᠬᠠᠷᠢᠯᠴᠠᠭ᠎ᠠ ᠳᠥᠭᠦᠮ ᠳᠥᠲᠡ᠂ ᠬᠤᠲᠠ ᠶᠢᠨ ᠨᠥᠯᠥᠭᠡᠯᠡᠨ ᠳᠠᠶᠢᠴᠢᠯᠠᠬᠤ ᠬᠡᠪᠴᠢᠶ᠎ᠡ ᠥᠷᠭᠡᠨ᠂ ᠬᠥᠮᠥᠨ ᠠᠮᠠ ᠶᠢᠨ ᠲᠥᠪᠯᠡᠷᠡᠯ ᠤᠨ ᠴᠢᠳᠠᠪᠤᠷᠢ ᠴᠢᠩᠭ᠎ᠠ᠂ ᠠᠵᠤ ᠠᠬᠤᠢ ᠶᠢᠨ ᠬᠥᠭᠵᠢᠯᠲᠡ ᠶᠢᠨ ᠳᠤᠮᠳᠠ ᠢᠯᠡᠷᠡᠭᠦᠯᠦᠭᠰᠡᠨ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠣᠨ ᠠᠮᠢᠵᠢᠷᠠᠯ ᠤᠨ ᠬᠦᠴᠦᠨ ᠨᠢ ᠠᠵᠤ ᠠᠬᠤᠶᠢᠯᠠᠯ ᠤᠨ ᠬᠥᠬᠡᠬᠤᠲᠠ ᠳᠤ ᠪᠡᠯᠡ ᠣᠷᠣᠭᠤᠯᠤᠨ ᠬᠥᠭᠵᠢᠬᠦ ᠳᠤ ᠢᠲᠡᠭᠡᠯ ᠵᠣᠷᠢᠭ ᠢ ᠨᠡᠮᠡᠭᠳᠡᠭᠦᠯᠪᠡ᠂ ᠬᠤᠸᠠ ᠴᠢᠶᠠᠩ ᠹᠠᠩ ᠲᠧ ᠬᠥᠬᠡᠬᠤᠲᠠ ᠶᠢᠨ ᠣᠨᠴᠠᠯᠢᠭᠲᠤ ᠵᠤᠭᠠᠴᠠᠯ ᠤᠨ ᠡᠬᠢ ᠪᠠᠶᠠᠯᠢᠭ ᠤᠨ ᠲᠣᠭᠤᠷᠢᠨ ᠳᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠶᠠᠪᠤᠳᠠᠯ ᠢ ᠲᠦᠷᠭᠡᠨ ᠲᠥᠯᠥᠪᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠸᠧᠢ ᠬᠤᠩ ᠵᠢᠶᠦ᠋ᠨ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号