ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠲᠠᠮᠠᠬᠠᠶ ᠬᠡᠶ ᠶᠢᠨ ᠠᠮᠤᠷ ᠲᠥᠪᠰᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2022/7/19
     7 ᠰᠠᠷ᠎ᠠ ᠶᠢᠨ 15 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠨ ᠶᠦᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠶ ᠢᠦᠶ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠯᠲᠠ ᠬᠢᠪᠠ᠃      ᠪᠠᠶᠢᠴᠠᠭᠠᠬᠤ ᠳᠤᠭᠤᠶᠢᠯᠠᠩ ᠤᠨ ᠬᠢᠨ ᠬᠥᠬᠡᠬᠤᠲᠠ ᠶᠢᠨ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ︵ᠦᠴᠤᠸᠠᠨ ᠤ ᠬᠤᠪᠢᠶᠠᠷᠢ ᠺᠣᠮᠫᠠᠨᠢ︶᠂ ᠦᠴᠤᠸᠠᠨ ᠰᠢᠶᠠᠨ ᠤ ᠵᠦᠩ ᠷᠠᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠦᠷᠳᠡᠭᠡ᠂ ᠦᠴᠤᠸᠠᠨ ᠰᠢᠶᠠᠨ ᠤ ᠲᠢᠶᠠᠨ ᠳ᠋ᠢ ᠹᠦ᠋ ᠾᠧᠩ ᠰᠢᠲᠠᠮᠠᠬᠠᠢ ᠬᠡᠢ ᠶᠢᠨ ᠦᠷᠳᠡᠭᠡ᠂ ᠰᠧ ᠵᠢᠢ ᠬᠤᠸᠠ ᠳᠠᠶᠢᠯᠠᠯᠭ᠎ᠠ ᠶᠢᠨ ᠪᠠᠭᠤᠳᠠᠯ ︵ᠦᠴᠤᠸᠠᠨ ᠤ ᠳᠡᠯᠭᠡᠭᠦᠷ︶ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠬᠠᠭᠤᠯᠭ᠎ᠠ ᠵᠢᠴᠢ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠤᠭᠰᠠᠷᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠳᠠᠷᠠᠭ᠎ᠠ ᠨᠢ ᠬᠤᠷᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠳᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠵᠢᠴᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠰᠠᠭᠤᠳᠠᠯ ᠢ ᠴᠢᠬᠤᠯᠠᠴᠢᠯᠠᠭᠰᠠᠨ ᠬᠡᠮᠵᠢᠶ᠎ᠡ ᠪᠣᠯᠤᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠳᠤᠮᠳᠠ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠤᠷᠳᠤ ᠣᠬᠤᠷ ᠢ ᠤᠶᠠᠯᠳᠤᠭᠤᠯᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠤᠢᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠰᠢᠲᠠᠮᠠᠬᠠᠢ ᠬᠡᠢ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯᠯᠠᠭᠠᠨ ᠤ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ︔ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠬᠠᠭᠤᠴᠢᠨ ᠵᠢᠵᠢᠭ ᠲᠣᠭᠤᠷᠢᠭ᠂ ᠢᠳᠡᠭᠡᠨ ᠤᠮᠳᠠᠭᠠᠨ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠰᠢᠲᠠᠮᠠᠬᠠᠶ ᠬᠡᠶ ᠶᠢᠨ ᠡᠵᠡᠩᠨᠡᠯᠲᠡ᠂ ᠰᠢᠲᠠᠮᠠᠬᠠᠶ ᠬᠡᠶ ᠶᠢᠨ ᠢᠨᠵᠧᠨᠧᠷᠢᠩ᠂ ᠰᠢᠲᠠᠮᠠᠬᠠᠶ ᠬᠡᠶ ᠶᠢᠨ ᠬᠤᠭᠤᠯᠠᠶ ᠶᠢᠨ ᠲᠥᠬᠦᠭᠡᠷᠦᠮᠵᠢ ᠪᠠ ᠰᠢᠲᠠᠮᠠᠬᠠᠶ ᠬᠡᠶ ᠶᠢᠨ ᠪᠠᠭᠠᠵᠢ ᠵᠡᠷᠭᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠦᠭᠰᠢᠭᠦᠷᠢ ᠪᠠ ᠬᠦᠨᠳᠦ ᠶᠡᠭᠡ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠶᠡᠷᠦᠩᠬᠡᠶᠢᠯᠡᠭᠰᠡᠨ ᠴᠢᠨᠠᠷᠲᠠᠶ᠂ ᠨᠠᠷᠢᠯᠢᠭ ᠣᠨᠣᠴᠠᠲᠠᠶ ᠵᠠᠰᠠᠯᠲᠠ ᠶᠢ ᠥᠷᠨᠢᠭᠦᠯᠬᠦ ᠬᠡᠷᠡᠭᠲᠡᠶ︔ ᠡᠭᠦᠨ ᠤ ᠬᠠᠮᠲᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠲᠠᠮᠠᠬᠠᠶ ᠬᠡᠶ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠰᠢᠲᠠᠮᠠᠬᠠᠶ ᠬᠡᠶ ᠶᠢᠨ ᠬᠦᠷᠢᠶᠡᠨ ᠳᠠᠬᠢ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号