ᠬᠥᠬᠡᠬᠤᠲᠠ ᠶᠢᠨ ᠡᠳ᠋ ᠤᠨ ᠵᠠᠰᠠᠭ ᠠᠴᠠ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ 1000 ᠲᠦᠮᠡᠨ ᠲᠦᠭᠦᠷᠢᠭ ᠲᠣᠬᠢᠷᠠᠭᠤᠯᠪᠠ
ᠨᠡᠶᠢᠲᠡᠯᠡᠭᠰᠡᠨ ᠴᠠᠭ᠄
2022/7/19
     ︵ᠰᠤᠷᠪᠤᠯᠵᠢᠯᠠᠭᠴᠢ ᠰᠦᠩ ᠰᠢᠶᠠᠩ ᠬᠤᠸᠠ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠳᠠ ᠶᠢᠨ ᠬᠡᠷᠡᠭᠯᠡᠭᠡ ᠶᠢ ᠠᠬᠢᠭᠤᠯᠵᠤ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠢ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠡᠨᠡ ᠵᠢᠯ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠥᠰᠥᠪ ᠤᠨ ᠪᠡᠯᠡ ᠮᠥᠩᠭᠦ ᠳᠤ 1000 ᠲᠦᠮᠡᠨ ᠲᠥᠭᠦᠷᠢᠭ ᠲᠣᠬᠢᠷᠠᠭᠤᠯᠵᠤ᠂ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠪᠠᠶᠢᠭᠤᠯᠬᠤ ᠳᠤ ᠬᠡᠷᠡᠭᠯᠡᠨ᠎ᠡ᠃      ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠤᠨ ᠨᠢᠭᠡ ᠪᠣᠯᠤᠭᠰᠠᠨ ᠤ ᠬᠤᠪᠢ ᠳᠤ᠂ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ ᠪᠠᠶᠢᠭᠤᠯᠬᠤ ᠳᠤ ︽ᠠᠷᠠᠳ ᠲᠤ ᠲᠥᠬᠦᠮ᠂ ᠠᠷᠠᠳ ᠲᠤ ᠲᠤᠰᠠ ᠲᠠᠢ᠂ ᠠᠷᠠᠳ ᠲᠤ ᠠᠰᠢᠭ ᠲᠠᠢ︾ ᠪᠠᠷ ᠵᠣᠷᠢᠯᠲᠠ ᠪᠣᠯᠭᠠᠵᠤ᠂ ︽ᠨᠣᠭᠤᠭ᠎ᠠ ᠬᠤᠳᠠᠯᠳᠤᠨ ᠠᠪᠬᠤ ᠳᠤ ᠦᠨᠡᠲᠡᠢ᠂ ᠨᠣᠭᠤᠭ᠎ᠠ ᠬᠤᠳᠠᠯᠳᠤᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠰᠠᠭᠤᠭᠠᠯᠢ ᠠᠷᠠᠳ ᠭᠡᠷ ᠤᠨ ᠡᠭᠦᠳᠡᠨ ᠳᠡᠭᠡᠷ᠎ᠡ ᠪᠠᠨ ᠴᠢᠨᠠᠷ ᠰᠠᠶᠢᠲᠠᠢ᠂ ᠬᠢᠮᠳᠠ ᠰᠢᠨ᠎ᠡ ᠰᠣᠷᠭᠤᠭ ᠢᠳᠡᠰᠢᠨ ᠨᠣᠭᠤᠭ᠎ᠠ ᠬᠤᠳᠠᠯᠳᠤᠨ ᠠᠪᠴᠤ ᠴᠢᠳᠠᠬᠤ ᠪᠣᠯᠭᠠᠨ᠎ᠠ᠃ ︽ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ︵ᠲᠤᠰᠬᠠᠢ ᠲᠣᠭᠤᠷᠢᠭ︶ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2022 — 2024︶︾ ᠶᠣᠰᠣᠭᠠᠷ᠂ ᠮᠠᠨ ᠤ ᠬᠤᠲᠠ 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠬᠤᠲᠠ ᠶᠢᠨ ᠳᠥᠷᠪᠡᠨ ᠲᠣᠭᠤᠷᠢᠭ ᠲᠤ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ 300 ᠭᠠᠷᠭᠠᠬᠤ ᠪᠠᠷ ᠲᠥᠯᠥᠪᠯᠡᠵᠦ ᠪᠣᠶ᠂ ᠡᠭᠦᠨ ᠳᠤ 2022 ᠣᠨ ᠳᠤ 160 ᠭᠠᠷᠭᠠᠬᠤ ᠪᠠᠷ ᠲᠥᠯᠥᠪᠯᠡᠵᠦ᠂ ᠣᠲᠣ ᠨᠢᠭᠡᠨᠲᠡ 81 ᠶᠢ ᠪᠡᠶᠡᠯᠡᠭᠦᠯᠪᠡ᠃ ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠠᠮᠲᠤᠪᠠᠷ ᠨᠢᠭᠡᠨᠲᠡ ᠡᠵᠡᠩᠨᠡᠭᠰᠡᠨ ᠲᠥᠷᠥᠯ ᠵᠦᠢᠯ ᠳᠤ ᠡᠳᠦᠷ ᠲᠤᠲᠤᠮ ᠤᠨ ᠬᠢᠨᠠᠨ ᠬᠡᠮᠵᠢᠯᠲᠡ ᠪᠠ ᠵᠢᠷᠤᠮᠵᠢᠭᠰᠠᠨ ᠬᠠᠮᠢᠶᠠᠷᠤᠯᠲᠠ ᠶᠢ ᠰᠠᠶᠢᠳᠤᠷ ᠬᠢᠬᠦ ᠶᠢᠨ ᠬᠠᠮᠲᠤ ᠴᠤᠪᠤᠷᠠᠯ ᠶᠣᠰᠣᠭᠠᠷ ᠲᠥᠷᠥᠯ ᠵᠦᠢᠯ ᠢ ᠰᠢᠯᠭᠠᠨ ᠦᠨᠡᠯᠡᠬᠦ ᠪᠠ ᠪᠡᠯᠡ ᠮᠥᠩᠭᠦ ᠶᠢ ᠰᠠᠯᠭᠠᠨ ᠥᠭᠭᠦᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号