ᠦᠴᠤᠸᠠᠨ ᠰᠢᠶᠠᠨ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/20
      2022 ᠣᠨ ᠤ 7 ᠰᠠᠷ᠎ᠠ ᠶᠢᠨ 16 ᠤ ᠡᠳᠦᠷ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠠᠴᠠ ᠬᠠᠮᠲᠤᠷᠠᠨ ᠡᠷᠭᠢᠯᠡᠭᠰᠡᠨ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠧ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ 7 ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠲᠡᠮᠳᠡᠭᠲᠦ ᠠᠵᠤ ᠠᠬᠤᠶᠢᠯᠠᠯ ᠤᠨ ᠲᠥᠯᠥᠭᠡᠯᠡᠭᠴᠢ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠢ ᠥᠪᠥᠷ ᠮᠣᠩᠭᠤᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠬᠣ᠋ ᠰᠥᠩ ᠡᠷᠭᠢᠯᠡᠵᠡᠶ᠃      ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠦᠴᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠰᠠᠶᠢᠨ ᠰᠡᠳᠬᠢᠮᠵᠢ ᠶᠢ ᠨᠡᠭᠡᠭᠡᠨ᠂ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠴᠢᠨ ᠢ ᠪᠠᠶᠠᠵᠢᠭᠤᠯᠬᠤ᠂ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠴᠤᠸᠠᠨ ᠰᠢᠶᠠᠨ ᠤ ᠤᠨᠴᠠᠯᠢᠭᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠦᠴᠤᠸᠠᠨ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠂ ᠦᠴᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠳᠤ ᠬᠦᠴᠦ ᠨᠡᠮᠡᠷᠢᠯᠡᠬᠦ ᠶᠢᠨ ᠲᠥᠯᠥᠭᠡ ᠶᠤᠮ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠦᠢᠯᠡᠳᠦᠯᠭᠡ︾ ᠰᠡᠳᠬᠦᠯ ᠤᠨ ᠬᠤᠷᠢᠶ᠎ᠠ ᠶᠢᠨ ᠤᠤᠯ ᠤᠨ ᠶᠡᠷᠦᠩᠬᠡᠶ ᠨᠠᠶᠢᠷᠠᠭᠤᠯᠤᠭᠴᠢ᠂ ᠥᠪᠥᠷ ᠮᠣᠩᠭᠤᠯ ᠤᠨ ᠠᠵᠤ ᠠᠬᠤᠶ ᠶᠢᠨ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠵᠥᠪᠯᠡᠭᠴᠢ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠭᠡᠰᠢᠭᠦᠨ ᠰᠢᠤᠢ ᠭᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠤᠤᠯ ᠤᠨ ᠡᠷᠬᠢᠯᠡᠭᠴᠢ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠵᠥᠪᠯᠡᠭᠴᠢ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠭᠡᠰᠢᠭᠦᠨ ᠶᠠᠩ ᠴᠧᠨ ᠬᠤᠸᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠧᠰᠰᠤᠷ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠵᠥᠪᠯᠡᠭᠴᠢ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠭᠡᠰᠢᠭᠦᠨ ᠭᠠᠶ ᡁᠢ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠢᠶᠠ ᠱᠤᠸᠠᠩ  ᠸᠧᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ ᠤᠨ ᠳᠡᠳ᠋ ᠳᠠᠷᠤᠭ᠎ᠠ ᠡᠦ ᠪᠢᠩ ᠴᠢᠤᠸᠠᠨ᠂ ᠬᠥᠬᠡᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠡᠳ᠋ ᠡᠷᠬᠢᠯᠡᠭᠴᠢ ᠰᠢᠤᠢ ᠰᠢᠶᠠᠩ ᠯᠢᠨ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠠᠯᠪᠤᠷᠢ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠠᠰᠤᠭ ᠤᠨ ᠡᠷᠬᠢᠯᠡᠭᠴᠢ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠵᠥᠪᠯᠡᠭᠴᠢ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠭᠡᠰᠢᠭᠦᠨ ᠵᠠᠩ ᠶᠢᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠨᠡᠷᠡᠲᠦ ᠲᠡᠮᠳᠡᠭᠲᠦ ᠰᠣᠶᠣᠯ ᠤᠨ ᠲᠤᠰᠬᠠᠶ ᠮᠡᠷᠭᠡᠵᠢᠯᠲᠡᠨ ᠪᠦᠦ ᠭᠦᠸᠧ ᠴᠢᠩ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠪᠸᠢ ᠴᠧᠨ ᠣᠶᠤᠨ ᠤ ᠬᠥᠮᠥᠷᠭᠡ ᠶᠢᠨ ᠲᠡᠷᠢᠭᠦᠨ ᠰᠤᠳᠤᠯᠤᠭᠴᠢ ᠬᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠤᠳᠤᠯᠭᠠᠨ ᠤ ᠭᠠᠵᠠᠷ ᠤᠨ ᠬᠡᠷᠡᠭ ᠡᠷᠬᠢᠯᠡᠭᠴᠢᠳ ᠤᠨ ᠳᠠᠷᠤᠭ᠎ᠠ ᠪᠦᠬᠡ ᠰᠦᠳᠦ᠂ ᠥᠪᠥᠷ ᠮᠣᠩᠭᠤᠯ ᠤᠨ ᠪᠠᠷᠢᠮᠵᠢᠶ᠎ᠠ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠢᠨ ᠬᠠᠷᠢᠶᠠᠲᠤ ᠹᠧᠩ ᠶᠢᠩ ᠵᠢᠴᠢ ᠨᠠᠷᠢᠨ ᠪᠢᠴᠢᠭ ᠤᠨ ᠭᠠᠵᠠᠷ ᠤᠨ ᠪᠦᠯᠬᠦᠮ ᠬᠤᠷᠠᠯ ᠳᠤ ᠣᠷᠣᠯᠴᠠᠵᠠᠶ᠃      ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠧ ᠪᠠᠶᠠᠷ ᠤᠨ ᠦᠭᠡ ᠳᠡᠭᠡᠨ᠂ ᠦᠴᠤᠸᠠᠨ ᠰᠢᠶᠠᠨ ᠤ ᠣᠷᠣᠨ ᠪᠦᠰᠡ ᠶᠢᠨ ᠠᠵᠤ ᠦᠢᠯᠡᠰ ᠪᠣᠯᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠠᠢ᠃ ᠦᠴᠤᠸᠠᠨ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠲᠣᠰ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠱᠠᠲᠤᠨ ᠤ ᠪᠠᠶᠢᠳᠠᠯ ᠤᠨ ᠲᠤᠬᠠᠶ ᠲᠠᠨᠢᠯᠴᠠᠭᠤᠯᠪᠠ᠃ ᠦᠴᠤᠸᠠᠨ ᠰᠢᠶᠠᠨ ᠤ ᠭᠤᠤᠯᠳᠠᠯᠭ᠎ᠠ ᠲᠠᠢ ᠠᠵᠤ ᠦᠢᠯᠡᠰ ᠤᠨ 7 ᠨᠠᠷᠠᠲᠤ ᠲᠡᠮᠳᠡᠭ ᠤᠨ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠵᠢᠴᠢ ᠠᠵᠤ ᠠᠬᠤᠶᠢᠯᠠᠯ ᠤᠨ ᠨᠠᠷᠠᠲᠤ ᠲᠡᠮᠳᠡᠭ ᠬᠢᠭᠡᠳ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠠᠷᠠᠲᠤ ᠲᠡᠮᠳᠡᠭ ᠤᠨ ᠬᠠᠮᠵᠢᠯᠴᠠᠨ ᠬᠥᠭᠵᠢᠬᠦ ᠰᠠᠨᠠᠭᠤᠯᠭ᠎ᠠ ᠶᠢᠨ ᠲᠣᠭᠤᠷᠢᠨ ᠳᠤ ᠶᠠᠷᠢᠶ᠎ᠠ ᠲᠠᠯᠪᠢᠪᠠ᠃      ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠠᠴᠠ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠱᠠᠲᠤᠨ ᠤ ᠠᠵᠢᠯ ᠤᠨ ᠲᠥᠯᠥᠪᠯᠡᠭᠡ ᠶᠢ ᠨᠠᠷᠢᠨ ᠲᠣᠳᠣᠷᠬᠠᠶ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠬᠤ ᠪᠠᠷ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠳᠡᠭᠡᠭᠰᠢᠯᠡᠭᠦᠯᠬᠦ ᠱᠠᠲᠤᠨ ᠤ ᠲᠦᠷᠦᠯ ᠲᠡᠮᠳᠡᠭ ᠤᠨ ᠡᠷᠬᠡ ᠣᠯᠭᠤᠨ ᠬᠠᠮᠢᠶᠠᠷᠬᠤ᠂ ᠲᠦᠷᠦᠯ ᠲᠡᠮᠳᠡᠭ ᠤᠨ ᠦᠷᠳᠡᠭ ᠢ ᠳᠡᠭᠡᠭᠰᠢᠯᠡᠭᠦᠯᠬᠦ᠂ ᠲᠦᠷᠦᠯ ᠲᠡᠮᠳᠡᠭ ᠤᠨ ᠪᠣᠷᠣᠯᠠᠭᠤᠯᠭ᠎ᠠ ᠶᠢ ᠥᠷᠭᠡᠳᠬᠡᠬᠦ᠂ ᠲᠦᠷᠦᠯ ᠲᠡᠮᠳᠡᠭ ᠤᠨ ᠪᠣᠭᠤᠳᠠᠯ ᠪᠠᠭᠯᠠᠭ᠎ᠠ ᠶᠢ ᠲᠥᠯᠥᠪᠯᠡᠬᠦ᠂ ᠲᠦᠷᠦᠯ ᠲᠡᠮᠳᠡᠭ ᠤᠨ ᠠᠵᠢᠯᠯᠠᠭ᠎ᠠ ᠶᠢ ᠤᠬᠠᠭᠠᠯᠠᠬᠤ᠂ ᠲᠦᠷᠦᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ᠂ ᠲᠦᠷᠦᠯ ᠲᠡᠮᠳᠡᠭ ᠤᠨ ᠪᠦᠲᠦᠭᠡᠭᠳᠡᠬᠦᠨ ᠤ ᠰᠢᠰᠲ᠋ᠧᠮ᠂ ᠲᠦᠷᠦᠯ ᠲᠡᠮᠳᠡᠭ ᠤᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠲᠤᠰ ᠲᠤᠰ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠢ᠃ ᠡᠭᠦᠨ ᠳᠤ ᠮᠠᠰᠢ ᠤᠯᠠᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠳᠤᠷᠠᠳᠤᠨ ᠭᠠᠷᠭᠠᠵᠠᠶ᠃      ᠰᠢᠶᠠᠨ ᠤ ᠳᠡᠳ᠋ ᠳᠠᠷᠤᠭ᠎ᠠ ᠵᠠᠩ ᠵᠢᠶᠧ ᠦᠴᠤᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠢᠯᠡᠳᠬᠡᠬᠦ ᠳᠡᠭᠡᠨ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠰᠢ ᠶᠡᠭᠡ ᠠᠮᠵᠢᠯᠲᠠ ᠲᠠᠢ ᠪᠣᠯᠵᠠᠢ᠂ ᠦᠴᠤᠸᠠᠨ ᠰᠢᠶᠠᠨ ᠤ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠪᠠᠷ ᠭᠤᠣᠯ ᠪᠣᠯᠭᠠᠭᠰᠠᠨ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠠᠬᠢᠭᠤᠯᠬᠤ ᠦᠢᠯᠡᠳᠦᠯ ᠦᠵᠡᠭᠦᠯᠬᠦ ᠪᠥᠭᠡᠳ ᠲᠦᠷᠦᠯ ᠲᠡᠮᠳᠡᠭ ᠢᠶᠠᠷ ᠴᠢᠳᠠᠪᠤᠷᠢ ᠣᠯᠭᠤᠬᠤ ᠨᠢ ᠯᠠᠪᠲᠠᠢ ᠶᠤᠮ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号