2022 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠪᠠ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/7/20
ᠰᠢᠶᠠᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ᠄      ᠲᠠᠨ ᠤ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠦᠴᠤᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 2022 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠪᠠ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠶᠢ ᠳᠣᠤᠷᠠᠬᠢ ᠮᠡᠲᠦ ᠮᠡᠳᠡᠭᠦᠯᠦᠨ ᠬᠦᠷᠭᠡᠶ᠎ᠡ᠂ ᠬᠢᠨᠠᠨ ᠬᠠᠷᠭᠤᠭᠤᠯᠬᠤ ᠪᠣᠯᠪᠠᠤ᠄      ᠨᠢᠭᠡ᠂ ᠭᠤᠤᠯ ᠪᠣᠯᠬᠤ ᠠᠵᠢᠯ ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ     ᠡᠨᠡ ᠵᠢᠯ ᠤᠨ ᠳᠡᠭᠡᠷ᠎ᠡ ᠬᠠᠭᠠᠰ ᠵᠢᠯ ᠠᠴᠠ ᠨᠠᠰᠢ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠰᠢᠶᠠᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ᠂ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠪᠠ᠃ ᠠᠵᠤ ᠠᠬᠤᠶᠢᠯᠠᠯ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠡᠭᠡᠨ᠂ ᠡᠩ ᠲᠡᠷᠢᠭᠦᠨ ᠳᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠠᠩᠬᠠᠷᠴᠤ᠂ ᠢᠲᠡᠭᠡᠮᠵᠢ ᠶᠢᠨ ᠮᠠᠭᠤ ᠮᠡᠳᠡᠭᠡ ᠵᠠᠩᠭᠢ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠬᠠᠤᠯᠢ ᠶᠢᠨ ᠬᠥᠮᠦᠨ ᠤ ︽ᠬᠠᠷ᠎ᠠ ᠲᠠᠩᠰᠠ︾ ᠳᠤ ᠤᠷᠤᠭᠰᠠᠨ ᠠᠵᠤ ᠠᠬᠤᠶᠢᠯᠠᠯ ᠳᠤ ᠴᠢᠭᠯᠡᠭᠦᠯᠦᠨ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠡᠭᠡᠨ ᠲᠥᠷᠥᠯ ᠵᠦᠢᠯ ᠳᠤ ᠲᠥᠷᠦᠯ ᠵᠦᠢᠯ ᠲᠣᠭᠲᠠᠭᠠᠵᠤ ᠪᠣᠯᠬᠤ ᠥᠬᠡᠶ᠂ ︽ᠬᠠᠷ᠎ᠠ ᠲᠠᠩᠰᠠ︾ ᠳᠤ ᠵᠢᠭᠰᠠᠭᠠᠭᠳᠠᠭᠰᠠᠨ ᠠᠵᠤ ᠠᠬᠤᠶᠢᠯᠠᠯ ᠬᠠᠤᠯᠢ ᠶᠢᠨ ᠬᠥᠮᠦᠨ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠭᠰᠠᠨ ᠤ ᠳᠠᠷᠠᠭ᠎ᠠ ᠰᠠᠶ᠋ᠢ ᠲᠥᠷᠥᠯ ᠵᠦᠢᠯ ᠤᠨ ᠭᠠᠷᠳᠠᠮ ᠢ ᠭᠦᠢᠴᠡᠳᠬᠡᠵᠣ ᠪᠣᠯᠤᠨ᠎ᠠ᠃ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠭᠳᠠᠭᠰᠠᠨ ᠪᠣᠶ ᠪᠥᠬᠦᠶ ᠠᠵᠤ ᠠᠬᠤᠶᠢᠯᠠᠯ ᠴᠥᠮ ᠢᠲᠡᠭᠡᠮᠵᠢ ᠶᠢᠨ ᠰᠡᠷᠭᠦᠭᠡᠯᠲᠡ ᠶᠢ ᠭᠤᠶᠤᠴᠢᠯᠠᠵᠤ ᠪᠣᠯᠬᠤ ᠪᠢᠰᠢ᠂ ᠬᠠᠷᠢᠨ ᠵᠥᠪᠬᠡᠨ ᠨᠡᠶᠢᠭᠡᠮ ᠤᠨ ᠬᠤᠤᠷ ᠬᠥᠨᠥᠭᠡᠯ ᠢᠶᠠᠷ ᠨᠡᠯᠢᠶᠡᠳ ᠳᠣᠤᠷ᠎ᠠ ᠪᠥᠭᠡᠳ ᠨᠢᠭᠡᠨᠲᠡ ᠬᠡᠰᠡᠭ ᠲᠠᠯ᠎ᠠ ᠶᠢᠨ ᠬᠤᠯᠪᠣᠭᠳᠠᠯ ᠪᠥᠬᠦᠶ ᠡᠭᠦᠷᠭᠡ ᠶᠢ ᠭᠦᠢᠴᠡᠳᠬᠡᠭᠰᠡᠨ ︽ᠨᠡᠷ᠎ᠡ ᠶᠢᠨ ᠬᠠᠷ᠎ᠠ ᠲᠠᠩᠰᠠ︾ ᠶᠢᠨ ᠠᠵᠤ ᠠᠬᠤᠶᠢᠯᠠᠯ ᠳᠤ ᠴᠢᠭᠯᠡᠭᠦᠯᠦᠨ ᠢᠲᠡᠭᠡᠮᠵᠢ ᠶᠢᠨ ᠰᠡᠷᠭᠦᠭᠡᠯᠲᠡ ᠶᠢ ᠬᠡᠷᠡᠭᠵᠢᠭᠦᠯᠦᠨ᠎ᠡ᠃ ᠢᠲᠡᠭᠡᠯ ᠠᠯᠳᠠᠭᠰᠠᠨ ᠭᠤᠤᠯ ᠴᠣᠭᠴᠠ ᠳᠤ ᠴᠢᠩᠭ᠎ᠠ ᠬᠢᠨᠠᠨ ᠬᠠᠷᠭᠤᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠳᠤ ᠴᠢᠭᠯᠡᠭᠦᠯᠦᠨ ᠲᠥᠷᠥᠯ ᠬᠤᠪᠢᠶᠠᠨ  ᠰᠢᠢᠳᠪᠦᠷᠢᠯᠡᠬᠦ ᠶᠢ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠢ ᠬᠤᠶᠠᠷ ᠵᠢᠯ ᠰᠢᠬᠠᠮ ᠤᠨ ᠬᠤᠭᠤᠴᠠᠭ᠎ᠠ ᠲᠠᠢ ᠪᠠᠷ ᠬᠠᠤᠯᠢ ᠶᠢ ᠰᠠᠬᠢᠨ ᠡᠵᠡᠩᠨᠡᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠠᠵᠢᠯᠯᠠᠭ᠎ᠠ ᠶᠢᠨ ᠲᠡᠮᠳᠡᠭᠯᠡᠯ ᠪᠠᠶᠢᠬᠤ ᠦᠭᠡᠢ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠮᠵᠢᠨ ᠭᠦᠢᠴᠡᠳᠬᠡᠭᠦᠯᠬᠦ ᠶᠢᠨ ᠬᠠᠮᠲᠤ ᠵᠠᠷᠯᠠᠨ ᠨᠡᠶᠢᠲᠡᠯᠡᠭᠰᠡᠨ ᠲᠡᠮᠳᠡᠭᠯᠡᠯ ᠪᠠᠶᠢᠬᠤ ᠦᠭᠡᠢ ᠪᠠᠶᠢᠬᠤ ᠶᠢ ᠱᠠᠭᠠᠷᠳᠠᠵᠠᠢ᠃ ᠨᠢᠭᠡᠨᠲᠡ ᠵᠠᠰᠠᠨ ᠰᠡᠷᠭᠦᠭᠡᠭᠰᠡᠨ ᠠᠵᠤ ᠠᠬᠤᠶᠢᠯᠠᠯ ᠳᠤ ᠲᠠᠷᠠᠭᠠᠴᠢ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠴᠢᠩᠭᠠᠳᠬᠠᠬᠤ ᠳᠤ᠂ ᠠᠵᠤ ᠠᠬᠤᠶᠢᠯᠠᠯ ᠢ ᠡᠷᠬᠡᠪᠰᠢ ᠠᠳᠠᠯᠢ ᠲᠥᠷᠥᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠳᠠᠭᠢᠵᠤ ᠭᠠᠷᠭᠠᠬᠤ ᠥᠬᠡᠶ ᠭᠡᠵᠦ ᠠᠮᠠᠯᠠᠬᠤ ᠶᠢ ᠱᠠᠭᠠᠷᠳᠠᠵᠤ ᠪᠠᠶᠢᠨ᠎ᠠ᠂ ᠡᠰᠡ ᠲᠡᠭᠡᠪᠡᠯ᠂ ᠢᠲᠡᠭᠡᠮᠵᠢ ᠶᠢ ᠵᠠᠰᠠᠨ ᠰᠡᠷᠭᠦᠭᠡᠬᠦ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠲᠠᠶᠠᠭᠳᠠᠨ᠎ᠠ᠃      ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ      ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠢᠵᠢ ᠪᠥᠷᠢᠳᠦᠭᠦᠯᠬᠦ ᠲᠦᠷᠢᠮ ᠤᠨ ᠲᠣᠭᠲᠠᠴᠠ ᠲᠡᠭᠦᠯᠳᠡᠷ ᠪᠤᠰᠤ ᠪᠠᠶᠢᠨ᠎ᠠ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠵᠢᠯᠴᠠᠬᠤ ᠲᠣᠭᠲᠠᠴᠠ ᠲᠣᠳᠣᠷᠬᠠᠶ ᠦᠭᠡᠢ ᠪᠠᠶᠢᠵᠤ᠂ ︽ᠡᠭᠦᠷᠭᠡ ᠴᠢᠳᠠᠪᠤᠷᠢ ᠨᠢ ᠣᠷᠣᠨ ᠪᠠᠶᠢᠷᠢ ᠠᠴᠠ ᠪᠠᠨ ᠳᠠᠪᠠᠭ᠋ᠤ︾ ᠪᠠ ︽ᠡᠭᠦᠷᠭᠡ ᠴᠢᠳᠠᠪᠤᠷᠢ ᠨᠢ ᠣᠷᠣᠨ ᠪᠠᠶᠢᠷᠢ ᠠᠴᠠ ᠪᠠᠨ ᠳᠤᠲᠠᠭᠳᠠᠬᠤ︾ ᠦᠵᠡᠭᠳᠡᠯ ᠵᠡᠷᠭᠡᠪᠡᠷ ᠣᠷᠣᠰᠢᠵᠤ ᠪᠠᠶᠢᠨ᠎ᠠ᠃ ᠨᠡᠶᠢᠲᠡᠯᠡᠨ ᠬᠡᠷᠡᠭᠵᠢᠭᠦᠯᠦᠭᠰᠡᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠵᠠᠷᠢᠮ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠳᠤ ᠴᠢᠭᠯᠡᠭᠦᠯᠦᠨ᠂ ᠵᠣᠬᠢᠴᠠᠩᠭᠤᠶ ᠰᠢᠮᠳᠠᠭᠤᠯᠬᠤ᠂ ᠪᠠᠶᠢᠴᠠᠭᠠᠬᠤ᠂ ᠦᠨᠡᠯᠡᠨ ᠵᠢᠱᠢᠬᠦ ᠵᠡᠷᠭᠡ ᠲᠦᠷᠢᠮ ᠳᠤᠲᠠᠭᠳᠠᠵᠤ ᠪᠠᠶᠢᠨ᠎ᠠ᠃      ᠭᠤᠷᠪᠠ᠂ ᠳᠣᠤᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ      ᠳᠣᠣᠷ᠎ᠠ ᠬᠠᠭᠠᠰ ᠵᠢᠯ ᠳᠤ᠂ ᠮᠠᠨ ᠤ ᠬᠤᠷᠢᠶ᠎ᠠ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠠᠰᠠ ᠦᠷᠭᠦᠯᠵᠢᠯᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠬᠥᠯᠥᠰᠥᠨ ᠠᠵᠢᠯᠴᠢᠨ ᠤ ᠴᠠᠯᠢᠩ ᠢ ᠥᠭᠴᠦ ᠪᠠᠶᠢᠭ᠎ᠠ ᠪᠠᠶᠢᠳᠠᠯ ᠢ ᠣᠶᠢᠯᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠥᠮᠦᠨ ᠬᠡᠷᠡᠭᠯᠡᠬᠦ ᠨᠢᠭᠡᠴᠢ ᠶᠢ ᠰᠢᠪᠠᠳᠠᠨ ᠴᠠᠯᠢᠩ ᠥᠭᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠭᠦᠯᠵᠦ᠂ ᠪᠦᠬᠦ ᠨᠡᠶᠢᠭᠡᠮ ᠢᠶᠠᠷ ᠢᠶᠠᠨ ᠬᠥᠯᠥᠰᠥᠨ ᠠᠵᠢᠯᠴᠢᠨ ᠤ ᠴᠠᠯᠢᠩ ᠢ ᠥᠭᠬᠦ ᠳᠤ ᠰᠠᠶᠢᠨ ᠳᠠᠭᠠᠭᠤᠯᠬᠤ ᠬᠡᠷᠡᠭᠲᠡᠶ᠃ ᠡᠭᠦᠨ ᠤ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠲᠤᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠤ ᠠᠬᠤᠶᠢᠯᠠᠯ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠢ ᠮᠡᠳᠡᠬᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠵᠠᠭᠠᠷᠯᠠᠬᠤ ᠪᠠ ᠰᠡᠷᠡᠮᠵᠢᠯᠡᠭᠦᠯᠬᠦ  ᠦᠢᠯᠡᠳᠦᠯ ᠢᠶᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ᠂ ᠬᠥᠮᠦᠵᠢᠯ ᠪᠠ ᠬᠢᠨᠠᠯᠲᠠ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠲᠡᠭᠡᠮᠵᠢ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠎ᠡ᠃      ᠣᠨᠴᠠᠭᠠᠶᠢᠯᠠᠨ ᠮᠡᠳᠡᠭᠳᠡᠪᠡ                                                      ᠦᠴᠤᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                    2022 ᠣᠨ ᠤ 7 ᠰᠠᠷ᠎ᠠ ᠶᠢᠨ 7 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号