ᠠᠯᠪᠠᠨ ᠭᠡᠷᠡᠴᠢᠯᠡᠭᠡ ᠶᠢᠨ ᠭᠠᠵᠠᠷ ᠤᠨ ᠠᠵᠢᠯᠳᠠᠨ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠬᠤᠪᠢᠶᠠᠷᠢᠯᠠᠨ ᠰᠢᠯᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/7/20
ᠰᠢᠶᠠᠨ ᠤ ᠣᠷᠣᠨ ᠲᠤᠭ᠎ᠠ ᠶᠢᠨ ᠠᠯᠪᠠᠨ ᠭᠡᠷ᠄      ᠦᠴᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠭᠡᠷᠡᠴᠢᠯᠡᠭᠡ ᠶᠢᠨ ᠭᠠᠵᠠᠷ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠬᠤᠶᠠᠷ ᠠᠯᠪᠠᠨ ᠭᠡᠷᠡᠴᠢᠯᠡᠭᠡ ᠶᠢᠨ ᠠᠵᠢᠯᠲᠠᠨ ᠤᠷᠢᠳ ᠬᠤᠵᠢᠳ ᠠᠵᠢᠯ ᠠᠴᠠ ᠪᠠᠨ ᠪᠠᠭᠤᠵᠤ ᠠᠮᠠᠷᠠᠪᠠ᠂ ᠣᠳᠣᠬᠠᠨ ᠳᠤ ᠠᠯᠪᠠᠨ ᠭᠡᠷᠡᠴᠢᠯᠡᠭᠡ ᠶᠢᠨ ᠭᠠᠵᠠᠷ ᠨᠢᠭᠡᠨᠲᠡ ᠬᠡᠪ ᠤᠨ ᠶᠣᠰᠣᠭᠠᠷ ᠠᠵᠢᠯ ᠢᠶᠠᠨ ᠥᠷᠨᠢᠭᠦᠯᠵᠦ ᠳᠡᠶᠢᠯᠬᠦ ᠦᠭᠡᠢ ᠪᠣᠯᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠭᠰᠠᠨ ᠢᠶᠠᠷ᠂ ᠠᠯᠪᠠᠨ ᠭᠡᠷᠡᠴᠢᠯᠡᠭᠡ ᠶᠢᠨ ᠭᠠᠵᠠᠷ ᠤᠨ ᠠᠵᠢᠯ ᠦᠢᠯᠡᠰ ᠤᠨ ᠬᠢᠷᠢ ᠬᠡᠮ ᠲᠠᠢ ᠪᠤᠰᠤᠳ ᠬᠤᠶᠠᠷ ᠠᠵᠢᠯᠲᠠᠨ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠬᠤᠪᠢᠶᠠᠷᠢᠯᠠᠨ ᠰᠢᠯᠵᠢᠭᠦᠯᠵᠦ᠂ ᠲᠣᠰ ᠲᠥᠪ ᠤᠨ ᠠᠵᠢᠯᠲᠠᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠭᠤᠯᠤᠭᠰᠠᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠴᠦ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠬᠥᠮᠦᠨ ᠲᠠᠲᠠᠵᠤ ᠪᠠᠶᠢᠩᠭᠤ ᠠᠵᠢᠯ ᠥᠷᠨᠢᠭᠦᠯᠬᠦ ᠴᠢᠬᠤᠯᠠᠲᠠᠢ᠂ ᠳᠡᠭᠡᠷᠡᠬᠢ ᠠᠵᠢᠯ ᠤᠨ ᠪᠣᠳᠠᠲᠠᠢ ᠪᠠᠶᠢᠳᠠᠯ ᠳᠤ ᠰᠠᠭᠤᠷᠢᠯᠠᠨ ᠸᠠᠩ ᠲᠤᠤ᠂ ᠼᠤᠤ ᠴᠢᠨ ᠢᠦᠢ ᠬᠤᠶᠠᠷ ᠨᠥᠬᠦᠷ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠬᠤᠪᠢᠶᠠᠷᠢᠯᠠᠨ ᠰᠢᠯᠵᠢᠭᠦᠯᠬᠦ ᠪᠠᠷ ᠣᠨᠴᠠᠭᠠᠶᠢᠯᠠᠨ ᠭᠤᠶᠤᠴᠢᠯᠠᠵᠠᠢ᠃      ᠣᠨᠴᠠᠭᠠᠶᠢᠯᠠᠨ ᠮᠡᠳᠡᠭᠦᠯᠪᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号