ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2022 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2022/7/20
     2022 ᠣᠨ ᠳᠤ᠂ ᠮᠠᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠵᠢᠴᠢ ᠮᠠᠨ ᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠨ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠢᠯᠡ ᠪᠣᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠨᠡᠩ ᠰᠠᠶᠢᠲᠤᠷ ᠪᠠᠳᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠪᠣᠯᠤᠨ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ 2022 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠲᠣᠭᠲᠠᠭᠠᠪᠠ᠄      ᠨᠢᠭᠡ᠂ ᠠᠯᠪᠠᠨ ᠪᠢᠴᠢᠭ ᠨᠡᠶᠢᠲᠡᠯᠡᠬᠦ ᠶᠢ ᠴᠢᠩᠭ᠎ᠠ ᠵᠢᠷᠤᠮᠵᠢᠭᠤᠯᠬᠤ ᠬᠡᠷᠡᠭᠲᠡᠶ᠃ ᠨᠡᠶᠢᠲᠡᠯᠡᠬᠦ ᠲᠠᠰ ᠳᠠᠷᠠᠭᠠᠯᠠᠯ ᠪᠠ ᠠᠷᠭ᠎ᠠ ᠵᠠᠮ ᠢ ᠴᠢᠩᠭ᠎ᠠ ᠵᠢᠷᠤᠮᠵᠢᠭᠤᠯᠵᠤ᠂ ᠠᠯᠪᠠᠨ ᠪᠢᠴᠢᠭ ᠢ ᠢᠯᠡ ᠪᠣᠯᠭᠠᠬᠤ ᠶᠢᠨ ᠬᠠᠷᠢᠶᠠᠲᠤ ᠴᠢᠨᠠᠷ ᠢ ᠡᠬᠢ ᠡᠭᠦᠰᠦᠯ ᠠᠴᠠ ᠨᠢ ᠮᠠᠭᠠᠳᠯᠠᠨ ᠲᠣᠭᠲᠠᠭᠠᠬᠤ ᠶᠢ ᠦᠨᠡᠨᠬᠦ ᠰᠠᠶᠢᠲᠤᠷ ᠬᠢᠵᠦ᠂ ᠠᠯᠪᠠᠨ ᠪᠢᠴᠢᠭ ᠢ ᠴᠠᠭ ᠲᠤᠬᠠᠶ ᠳᠤᠨᠢ᠂ ᠣᠨᠣᠪᠴᠢᠲᠠᠶ᠂ ᠠᠮᠤᠷ ᠲᠦᠪᠰᠢᠨ ᠨᠡᠶᠢᠲᠡᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠯᠪᠠᠨ ᠪᠢᠴᠢᠭ ᠢ ᠢᠯᠡ ᠪᠣᠯᠭᠠᠬᠤ ᠶᠢᠨ ᠬᠠᠷᠢᠶᠠᠲᠤ ᠴᠢᠨᠠᠷ ᠢ ᠡᠬᠢ ᠡᠭᠦᠰᠦᠯ ᠠᠴᠠ ᠨᠢ ᠬᠢᠨᠠᠨ ᠪᠠᠶᠢᠴᠠᠭᠠᠬᠤ ᠪᠠ ᠢᠯᠡ ᠪᠣᠯᠭᠠᠬᠤ ᠠᠴᠠ ᠡᠮᠦᠨ᠎ᠡ ᠨᠡᠶᠢᠲᠡᠯᠡᠵᠦ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠥᠬᠡᠶ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ ᠶᠢ ᠭᠦᠢᠴᠡᠳ ᠪᠠᠲᠤᠯᠠᠬᠤ ᠬᠡᠷᠡᠭᠲᠡᠶ᠃ ᠭᠤᠶᠤᠴᠢᠯᠠᠯ ᠢᠶᠠᠷ ᠢᠯᠡ ᠪᠠᠷ ᠭᠦᠢᠴᠡᠳᠬᠡᠬᠦ ᠠᠵᠢᠯ ᠢ ᠴᠢᠩᠭ᠎ᠠ ᠵᠢᠷᠤᠮᠵᠢᠭᠤᠯᠵᠤ᠂ ᠭᠤᠶᠤᠴᠢᠯᠠᠯ ᠢᠶᠠᠷ ᠢᠯᠡ ᠪᠠᠷ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠶᠤᠴᠢᠯᠠᠯ ᠢᠶᠠᠷ ᠢᠯᠡ ᠪᠣᠯᠭᠠᠬᠤ ᠳᠤ ᠬᠠᠩᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠰᠤᠳᠤᠯᠤᠨ ᠮᠠᠭᠠᠳᠯᠠᠬᠤ ᠠᠵᠢᠯ ᠢ ᠵᠡᠷᠭᠡ ᠪᠠᠷ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠣᠯᠭᠠᠨ ᠬᠤᠪᠢᠷᠠᠭᠤᠯᠵᠤ᠂ ᠴᠤᠪᠤᠷᠠᠯ ᠢ ᠰᠢᠯᠢᠳᠡᠭᠵᠢᠭᠦᠯᠦᠨ᠂ ᠭᠦᠢᠴᠡᠳᠬᠡᠬᠦ ᠪᠠ ᠬᠠᠷᠢᠭᠤᠯᠲᠠ ᠥᠭᠬᠦ ᠬᠤᠭᠤᠴᠠᠭ᠎ᠠ ᠶᠢ ᠪᠣᠭᠤᠨᠢᠰᠬᠠᠨ᠎ᠠ᠃      ᠬᠤᠶᠠᠷ᠂ ᠢᠯᠡ ᠪᠣᠯᠭᠠᠬᠤ ᠠᠭᠤᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢᠨ ᠪᠣᠳᠠᠲᠠᠶ ᠠᠭᠤᠯᠭ᠎ᠠ ᠶᠢ ᠦᠷᠭᠦᠯᠵᠢᠯᠡᠨ ᠥᠷᠭᠡᠳᠬᠡᠨ ᠨᠠᠷᠢᠯᠢᠬᠵᠢᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠠᠵᠢᠯ ᠢ ᠳᠦᠷᠢᠵᠢᠭᠦᠯᠦᠨ᠎ᠡ᠃ ᠠᠳᠠᠯᠢ ᠪᠤᠰᠤ ᠲᠥᠷᠥᠯ ᠬᠡᠯᠪᠡᠷᠢ ᠶᠢᠨ ᠢᠯᠡ ᠪᠣᠯᠭᠠᠬᠤ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠢᠯᠡ ᠪᠣᠯᠭᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠤ᠂ ᠢᠯᠡ ᠪᠣᠯᠭᠠᠬᠤ ᠠᠭᠤᠯᠭ᠎ᠠ ᠨᠢ ᠣᠯᠠᠨ ᠨᠡᠶᠢᠲᠡ ᠶᠢᠨ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ᠂ ᠣᠯᠠᠨ ᠨᠡᠶᠢᠲᠡ ᠪᠠᠷ ᠢᠶᠠᠨ ᠥᠷᠭᠡᠨ ᠢᠶᠠᠷ ᠮᠡᠳᠡᠬᠦ ᠴᠢᠬᠤᠯᠠᠲᠠᠶ ᠪᠠᠶᠢᠪᠠᠯ᠂  ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠳᠡᠮ ᠤᠨ ᠴᠢᠨᠠᠷᠲᠠᠶ ᠪᠠᠷ ᠢᠯᠡ ᠪᠣᠯᠭᠠᠵᠤ ᠪᠣᠯᠤᠨ᠎ᠠ᠃ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠡᠳᠦᠷ ᠲᠤᠲᠤᠮ ᠤᠨ ᠪᠠᠶᠢᠴᠠᠭᠠᠯᠲᠠ᠂ ᠬᠠᠮᠠᠭᠠᠯᠠᠯᠲᠠ ᠪᠠ ᠰᠢᠨᠡᠴᠢᠯᠡᠯᠲᠡ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠪᠠᠷᠢᠮᠲᠠᠯᠠᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠵᠡᠷᠭᠡ ᠮᠡᠳᠡᠭᠡ ᠵᠠᠩᠭᠢ ᠶᠢ ᠳᠣᠭᠢᠷᠠᠭᠤᠯᠤᠨ ᠰᠢᠨᠡᠳᠬᠡᠬᠦ ᠶᠢ ᠴᠢᠩᠭᠠᠳᠬᠠᠵᠤ᠂ ᠳᠣᠭᠢᠷᠠᠭᠤᠯᠤᠭᠰᠠᠨ ᠤ ᠳᠠᠷᠠᠭᠠᠬᠢ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠦᠷ᠎ᠡ ᠳ᠋ᠦᠩ ᠢ ᠢᠯᠡ ᠪᠤᠯᠭᠠᠬᠤ ᠠᠵᠢᠯ ᠢ ᠦᠷᠬᠦᠯᠵᠢᠯᠡᠨ ᠰᠠᠶᠢᠲᠤᠷ ᠬᠢᠨ᠎ᠡ᠃ ᠬᠤᠲᠠ ᠶᠢᠨ ᠶᠠᠪᠤᠳᠠᠯ ᠤᠨ ᠰᠦᠯᠵᠢᠶᠡᠨ ᠥᠷᠲᠡᠭᠡ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠠᠵᠢᠯ ᠶᠠᠪᠤᠳᠠᠯ  ᠭᠦᠢᠴᠡᠳᠬᠡᠬᠦ ᠵᠦᠭᠯᠡᠭᠦᠷ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠨᠣᠪᠴᠢᠲᠠᠶ ᠢᠯᠡ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃      ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠤᠩᠰᠢᠭᠤᠰᠢᠲᠠᠶ ᠴᠢᠨᠠᠷ ᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠤᠩᠰᠢᠨ ᠲᠠᠶᠢᠯᠪᠤᠷᠢᠯᠠᠬᠤ ᠦᠢᠯᠡᠳᠦᠯ ᠢ ᠢᠳᠡᠪᠬᠢᠲᠡᠶ ᠰᠠᠶᠢᠲᠤᠷ ᠪᠠᠳᠠᠷᠠᠭᠤᠯᠵᠤ᠂ ︽ᠬᠡᠨ ᠲᠤᠭᠤᠷᠪᠢᠪᠠᠯ ᠬᠡᠨ ᠤᠩᠰᠢᠨ ᠲᠠᠶᠢᠯᠪᠤᠷᠢᠯᠠᠬᠤ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢᠨ ᠤᠩᠰᠢᠨ ᠲᠠᠶᠢᠯᠪᠤᠷᠢᠯᠠᠬᠤ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠵᠡᠷᠭᠡ ᠳᠤᠨᠢ ᠵᠣᠬᠢᠶᠠᠨ ᠪᠠᠶᠢᠭᠤᠯᠵᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠵᠤ᠂ ᠵᠡᠷᠭᠡ ᠳᠤᠨᠢ ᠨᠡᠶᠢᠲᠡᠯᠡᠨ᠎ᠡ᠃ ᠠᠮᠢᠳᠤ ᠴᠣᠪᠣᠭᠤᠯᠢᠭ᠂ ᠬᠢᠯᠪᠠᠷ ᠣᠶᠢᠯᠠᠭᠠᠮᠵᠢᠲᠠᠶ ᠦᠭᠡ ᠬᠡᠯᠡ ᠵᠢᠴᠢ ᠵᠢᠷᠤᠭ ᠬᠦᠰᠦᠨᠦᠭᠲᠦ ᠶᠢᠨ ᠲᠠᠶᠢᠯᠪᠤᠷᠢ᠂ ᠲᠠᠭᠤᠨ ᠳᠠᠪᠲᠠᠮᠵᠢ ᠬᠠᠷᠠᠭᠠᠨ ᠳᠠᠪᠲᠠᠮᠵᠢ᠂ ᠲᠤᠭ᠎ᠠ ᠪᠠᠷᠢᠮᠲᠠ ᠶᠢᠨ ᠪᠣᠳᠠᠲᠤ ᠵᠢᠱᠢᠶ᠎ᠡ ᠵᠡᠷᠭᠡ ᠬᠡᠯᠪᠡᠷᠢ ᠪᠠᠷ ᠤᠩᠰᠢᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠳᠥᠷᠪᠡ᠂ ᠠᠵᠢᠯ ᠤᠨ ᠪᠠᠲᠤᠯᠠᠭ᠎ᠠ ᠪᠠ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠬᠡᠷᠡᠭᠲᠡᠶ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠣᠲᠣᠭᠠᠳᠤ ᠬᠢᠨᠠᠯᠲᠠ ᠪᠠ ᠭᠠᠳᠠᠭᠠᠳᠤ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠨ᠎ᠠ᠃                  ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                ᠵᠠᠰᠠᠭ ᠤᠨ  ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ                               2022 ᠣᠨ ᠤ 6 ᠰᠠᠷ᠎ᠠ ᠶᠢᠨ 30 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号