ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 64 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/21
     7 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 64 ᠳ᠋ᠦ᠋ᠭᠡᠷ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠢᠷᠭᠡᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠳᠤᠯᠤᠨ ᠰᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ᠂ ᠬᠤᠪᠸᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 33 ᠳ᠋ᠤᠭᠠᠷ ᠬᠤᠷᠠᠯ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 45 ᠳ᠋ᠤᠭᠠᠷ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠢ ᠳᠣᠭᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠢᠷᠭᠡᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠳᠤᠯᠤᠨ ᠰᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠰᠢᠶᠠᠨ ᠤ ᠪᠣᠳᠠᠲᠠᠢ ᠪᠠᠶᠢᠳᠠᠯ ᠳᠠᠭᠠᠨ ᠰᠠᠭᠤᠷᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠦᠯᠵᠢᠶ᠎ᠡ ᠭᠡᠬᠦ ᠡᠨᠡ ᠬᠦ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠴᠢᠬᠤᠯᠠ ᠠᠷᠭ᠎ᠠ ᠵᠠᠮ ᠢ ᠰᠠᠶᠢᠲᠤᠷ ᠬᠡᠷᠡᠭᠯᠡᠵᠦ᠂ ᠰᠦᠯᠵᠢᠶ᠎ᠡ ᠪᠠᠷ ᠳᠠᠮᠵᠢᠭᠤᠯᠤᠨ ᠤᠯᠠᠨ ᠲᠦᠮᠡᠨ ᠤ ᠪᠤᠳᠤᠵᠤ ᠪᠠᠶᠢᠭ᠎ᠠ ᠬᠦᠰᠡᠯ ᠡᠷᠡᠮᠡᠯᠵᠡᠯ ᠢ ᠴᠢᠳᠠᠮᠠᠭᠠᠶ ᠪᠠᠷ ᠣᠶᠢᠯᠠᠭᠠᠵᠤ᠂ ᠤᠯᠠᠨ ᠲᠦᠮᠡᠨ ᠤ ᠲᠤᠰᠬᠠᠭᠰᠠᠨ ᠡᠯ᠎ᠡ ᠵᠦᠢᠯ ᠤᠨ ᠠᠰᠠᠭᠤᠳᠠᠯ ᠢ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠪᠡ᠃            ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠵᠦᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠲᠦᠪᠰᠢᠨ ᠤ ᠣᠳᠣᠬᠢᠴᠢᠯᠠᠯᠲᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠣᠳᠣᠬᠠᠨ ᠤ ᠠᠵᠤ ᠠᠬᠤᠶ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠬᠠᠢ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠵᠤ᠂ ᠬᠥᠮᠦᠨ ᠢ ᠵᠥᠪ ᠰᠣᠩᠭᠤᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠪᠦᠬᠦ ᠰᠢᠶᠠᠨ ᠤ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号