ᠪᠣᠣ ᠭᠠᠩ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠦ᠋ ᠺᠦᠩ ᠮᠢᠩ ᠨᠠᠷ ᠲᠠᠢ ᠠᠭᠤᠯᠵᠠᠵᠤ ᠬᠠᠮᠲᠤᠪᠠᠷ ᠳᠤᠮᠳᠠᠳᠤ  ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ  ᠫᠠᠶᠢᠰᠠ ᠶᠢ ᠰᠡᠬᠦᠪᠡ
ᠨᠡᠶᠢᠲᠡᠯᠡᠭᠰᠡᠨ ᠴᠠᠭ᠄
2022/7/21
     ︵ᠰᠤᠷᠪᠤᠯᠵᠢᠯᠠᠭᠴᠢ ᠶᠦᠨ ᠵᠢᠩ ᠯᠢᠦ ᠬᠤᠢ ᠬᠤᠢ︶ 7 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠦ᠋ ᠺᠦᠩ  ᠮᠢᠩ ᠨᠠᠷ ᠲᠠᠢ ᠠᠭᠤᠯᠵᠠᠭᠰᠠᠨ ᠪᠥᠭᠡᠳ ᠬᠠᠮᠲᠤᠪᠠᠷ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ  ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠫᠠᠶᠢᠰᠠ ᠶᠢ ᠰᠡᠬᠦᠪᠡ᠃            ᠠᠭᠤᠯᠵᠠᠯᠲᠠ ᠳᠤᠮᠳᠠ᠂ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠦ᠋ ᠺᠦᠩ ᠮᠢᠩ ᠨᠠᠷ ᠢ ᠪᠠᠶᠠᠷᠯᠠᠨ ᠤᠭᠲᠤᠵᠤ  ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠶᠢ ᠬᠠᠯᠠᠮᠵᠢᠯᠠᠨ  ᠲᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ᠂ ᠬᠥᠬᠡᠬᠤᠲᠠ ᠶᠢᠨ ᠬᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ  ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠢᠯᠢ᠂ ᠮᠧᠩ ᠨᠢᠦ ᠬᠤᠶᠠᠷ ᠶᠡᠭᠡ ᠳᠡᠯᠡᠬᠡᠢ ᠶᠢᠨ ᠰᠦ ᠶᠢᠨ ᠠᠵᠤ ᠠᠬᠤᠶᠢᠯᠠᠯ ᠳᠤ ᠲᠦᠰᠢᠭᠯᠡᠨ᠂ ᠰᠦ ᠶᠢᠨ ᠦᠢᠯᠡᠰ᠂  ᠡᠪᠡᠰᠦᠨ ᠦᠷ᠎ᠡ ᠶᠢᠨ ᠦᠢᠯᠡᠰ ᠢᠶᠠᠷ ᠲᠦᠷᠦᠭᠦᠯᠡᠭᠦᠯᠦᠭᠰᠡᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠤᠢ︔ ᠡᠭᠦᠨ ᠤ ᠬᠠᠮᠲᠤ ᠣᠷᠣᠨ ᠤ ᠲᠥᠪ ᠬᠤᠲᠠ ᠳᠤ ᠴᠤᠭᠯᠠᠷᠠᠭᠰᠠᠨ ᠤᠯᠤᠰ ᠤᠨ ᠳᠣᠲᠣᠭᠠᠳᠤ ᠶᠢᠨ  ᠨᠠᠷᠠᠲᠤ ᠡᠮ ᠤᠨ ᠠᠵᠤ ᠠᠬᠤᠶᠢᠯᠠᠯ ᠳᠤ ᠲᠦᠰᠢᠭᠯᠡᠨ᠂ ᠠᠮᠢᠳᠤ ᠪᠣᠳᠠᠰ ᠤᠨ ᠸᠠᠺᠼᠢᠨ ᠢᠶᠠᠷ ᠭᠤᠣᠯᠳᠠᠯᠭ᠎ᠠ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ  ᠪᠥᠭᠡᠮᠨᠡᠷᠡᠯ ᠢ ᠢᠳᠡᠪᠬᠢᠲᠡᠢ ᠪᠣᠶᠢᠵᠢᠭᠤᠯᠵᠤ ᠪᠠᠶᠢᠨ᠎ᠠ᠃ ᠡᠳᠡᠭᠡᠷ ᠨᠢ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ  ᠦᠭᠡᠢ ᠶᠤᠮ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ   ᠶᠢ ᠡᠭᠦᠳᠬᠦ ᠲᠥᠪ ᠤᠨ ᠫᠠᠶᠢᠰᠠ ᠰᠡᠬᠦᠬᠦ ᠪᠠᠷ ᠠᠵᠠ ᠲᠣᠬᠢᠶᠠᠯ ᠪᠣᠯᠭᠠᠨ᠂ ᠴᠢᠳᠠᠪᠤᠷᠢᠲᠠᠨ ᠬᠤᠷᠠᠨ ᠴᠤᠭᠯᠠᠷᠠᠭᠰᠠᠨ᠂ ᠨᠡᠭᠡᠭᠡᠨ ᠰᠤᠳᠤᠯᠵᠤ ᠰᠢᠨ᠎ᠡ ᠶᠢ ᠡᠭᠦᠳᠬᠦ᠂ ᠮᠡᠷᠭᠡᠵᠢᠯ ᠤᠨ  ᠨᠥᠭᠡᠴᠡ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠡᠪᠡᠰᠦ ︵ᠦᠷ᠎ᠡ︶ ᠶᠢᠨ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ  ᠪᠦᠲᠦᠭᠡᠭᠳᠡᠬᠦᠨ  ᠢ ᠡᠳ᠋ᠰᠢᠭᠦᠯᠬᠦ᠂ ᠰᠠᠭᠠᠯᠢ ᠶᠢᠨ ᠦᠨᠢᠶᠡᠨ ᠤ ᠠᠵᠤ ᠦᠢᠯᠡᠰ᠂ ᠢᠳᠡᠰᠢᠨ ᠬᠤᠨᠢ ᠦᠬᠡᠷ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ︽ᠬᠤᠶᠠᠷ ᠪᠤᠭᠤᠳᠠᠢ ᠨᠢᠭᠡ  ᠲᠥᠮᠥᠰᠥ︾᠂ ᠬᠤᠲᠠ ᠶᠢᠨ ᠲᠠᠷᠢᠶᠠᠯᠠᠩ ᠠᠵᠤ ᠠᠬᠤᠢ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠳᠤ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ  ᠵᠢᠯᠣᠭᠤᠳᠤᠯᠭ᠎ᠠ ᠪᠠ ᠬᠠᠪᠰᠤᠷᠤᠯᠭ᠎ᠠ ᠦᠵᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ  ᠪᠠᠶᠢᠨ᠎ᠠ ᠭᠡᠵᠡᠢ᠃            ᠦ᠋ ᠺᠦᠩ ᠮᠢᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ  ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠠᠵᠢᠯ ᠳᠠᠬᠢ ᠬᠦᠴᠦᠲᠡᠢ ᠳᠡᠮᠵᠢᠯᠭᠡ ᠳᠤ ᠲᠠᠯᠠᠷᠬᠠᠵᠤ  ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠮᠠᠷᠠᠲᠤ ᠶᠢᠨ ᠲᠠᠷᠢᠶᠠᠯᠠᠩ ᠮᠠᠯ ᠠᠵᠤ  ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠥᠪᠥᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ  ᠬᠥᠭᠵᠢᠯᠲᠡ ᠶᠢᠨ ᠰᠢᠨ᠎ᠡ ᠶᠢ ᠡᠭᠦᠳᠬᠦ ᠬᠡᠷᠡᠭᠴᠡᠭᠡ ᠪᠣᠯᠣᠨ ᠬᠥᠬᠡᠬᠤᠲᠠ ᠶᠢᠨ ᠳᠡᠯᠡᠬᠡᠢ ᠶᠢᠨ ᠰᠦ ᠶᠢᠨ ᠬᠤᠲᠠ ᠶᠢ ᠪᠦᠲᠦᠭᠡᠨ ᠪᠠᠶᠢᠭᠤᠯᠬᠤ ᠬᠡᠷᠡᠭᠴᠡᠭᠡ ᠳᠤ ᠬᠠᠨᠳᠤᠭᠤᠯᠤᠨ᠂ ᠴᠢᠨᠠᠷ  ᠰᠠᠶᠢᠲᠠᠢ ᠪᠡᠯᠴᠢᠭᠡᠷ ᠮᠠᠯ ᠤᠨ ᠦᠷ᠎ᠡ ᠡᠭᠦᠯᠳᠡᠷ ᠤᠨ ᠢᠷᠡᠯᠲᠡ᠂ ᠴᠢᠨᠠᠷ ᠰᠠᠶᠢᠲᠠᠢ ᠪᠡᠯᠴᠢᠭᠡᠷ ᠮᠠᠯ ᠢ ᠲᠠᠷᠢᠵᠦ ᠲᠡᠵᠢᠭᠡᠬᠦ ᠶᠢᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ᠂ ᠴᠢᠨᠠᠷ  ᠰᠠᠶᠢᠲᠠᠢ ᠪᠡᠯᠴᠢᠭᠡᠷ ᠮᠠᠯ ᠤᠨ ᠠᠰᠢᠭ ᠰᠢᠮ᠎ᠡ ᠶᠢᠨ ᠰᠢᠮ᠎ᠡ ᠲᠡᠵᠢᠭᠡᠯ ᠢ ᠴᠢᠩᠭᠠᠷᠠᠭᠤᠯᠬᠤ ᠵᠡᠷᠭᠡ ᠭᠤᠣᠯᠳᠠᠯᠭ᠎ᠠ ᠲᠠᠢ ᠴᠢᠭᠯᠡᠯ ᠤᠨ ᠮᠡᠷᠭᠡᠵᠢᠯ ᠤᠨ ᠰᠢᠪᠲᠤᠯᠤᠯᠲᠠ ᠪᠠ ᠦᠷ᠎ᠡ  ᠪᠦᠲᠦᠭᠡᠯ ᠢ ᠤᠯᠠᠷᠢᠭᠤᠯᠬᠤ ᠪᠠᠷ ᠳᠡᠮᠵᠢᠨ᠂ ︽ᠤᠮᠠᠷᠠᠲᠤ ᠶᠢᠨ ᠲᠥᠪ︾ ᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠲᠠᠢ ᠤᠯᠤᠰ ᠤᠨ ᠲᠠᠰ ᠤᠨ ᠲᠠᠷᠢᠶᠠᠯᠠᠩ  ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠭᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ  ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠢᠱᠢᠶ᠎ᠡ ᠦᠵᠡᠭᠦᠯᠦᠭᠴᠢ ᠪᠠ ᠳᠠᠭᠠᠭᠤᠯᠤᠭᠴᠢ ᠪᠣᠯᠭᠠᠵᠤ᠂ ︽ᠵᠠᠰᠠᠭ ᠤᠨ ᠣᠷᠳᠣᠨ  ᠠᠵᠤ ᠠᠬᠤᠶᠢᠯᠠᠯ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠮᠦᠩᠭᠦᠨ ᠭᠦᠢᠯᠭᠡᠭᠡ ᠦᠢᠯᠡᠴᠢᠯᠡᠭᠡ︾ ᠵᠡᠷᠭᠡ ᠡᠯ᠎ᠡ ᠬᠦᠷᠢᠶ᠎ᠡ ᠴᠠᠷᠠᠭ᠎ᠠ ᠪᠠ ᠬᠦᠴᠦᠨ  ᠵᠦᠢᠯ ᠲᠥᠪᠯᠡᠷᠡᠭᠰᠡᠨ᠂ ᠴᠢᠳᠠᠪᠤᠷᠢ ᠪᠦᠷᠢᠨ᠂ ᠲᠣᠨᠤᠭ ᠲᠥᠬᠦᠭᠡᠷᠦᠮᠵᠢ ᠲᠡᠷᠢᠭᠦᠨ ᠤ᠂ ᠪᠣᠬᠢᠷᠳᠤᠯ ᠦᠭᠡᠢ ᠥᠨᠳᠥᠷ ᠦᠷ᠎ᠡ ᠪᠦᠲᠦᠮᠵᠢ ᠲᠠᠢ ︽ᠲᠠᠷᠢᠶᠠᠯᠠᠩ ᠮᠠᠯ ᠠᠵᠤ ᠠᠬᠤᠢ ᠶᠢᠨ  ᠰᠢᠨ᠎ᠡ ᠶᠢ ᠡᠭᠦᠳᠬᠦ ᠥᠨᠳᠦᠷᠯᠢᠭ ᠭᠠᠵᠠᠷ︾ ᠪᠣᠯᠭᠠᠨ ᠪᠦᠲᠦᠭᠡᠨ ᠪᠠᠶᠢᠭᠤᠯᠤᠨ᠎ᠠ ᠭᠡᠵᠡᠢ᠃            ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ  ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ︽ᠬᠥᠬᠡᠬᠤᠲᠠ ᠳᠤ ᠰᠠᠭᠤᠷᠢᠯᠠᠵᠤ᠂ ᠥᠪᠥᠷ ᠮᠣᠩᠭᠤᠯ ᠢ ᠨᠥᠯᠥᠭᠡᠯᠡᠨ᠂ ᠪᠦᠬᠦ ᠤᠯᠤᠰ ᠲᠤ ᠬᠠᠨᠳᠤᠭᠤᠯᠬᠤ︾ ᠪᠠᠶᠢᠯᠳᠤᠬᠤ  ᠪᠣᠳᠣᠯᠭ᠎ᠠ ᠶᠢᠨ ᠲᠥᠯᠦᠪᠵᠢᠭᠦᠯᠭᠡ ᠶᠢ ᠪᠠᠷᠢᠮᠲᠠᠯᠠᠵᠤ᠂ ︽ᠨᠢᠭᠡ ᠲᠣᠭᠤᠷᠢᠭ ᠠᠷᠪᠠᠨ ᠬᠤᠶᠠᠷ ᠰᠠᠭᠤᠷᠢᠨ ᠭᠠᠵᠠᠷ︾ ᠢᠶᠠᠷ ᠭᠤᠣᠯ ᠴᠣᠭᠴᠠ ᠪᠣᠯᠭᠠᠨ ᠪᠦᠲᠦᠭᠡᠨ ᠪᠠᠶᠢᠭᠤᠯᠬᠤ ᠪᠠ  ᠪᠠᠶᠢᠷᠢᠰᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠠᠩᠭᠠᠯᠭ᠎ᠠ᠂ ᠠᠵᠤ ᠦᠢᠯᠡᠰ ᠤᠨ ᠪᠣᠶᠢᠵᠢᠭᠤᠯᠤᠯᠲᠠ᠂ ᠦᠢᠯᠡᠴᠢᠯᠡᠭᠡᠨ ᠤ ᠲᠤᠯᠭᠠᠭᠤᠷᠢᠯᠠᠯ︾ ᠭᠤᠷᠪᠠᠨ ᠴᠢᠳᠠᠮᠵᠢ ᠶᠢ  ᠨᠢᠭᠡᠳᠦᠯᠲᠡᠢ ᠲᠥᠯᠥᠪᠯᠡᠨ᠂ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠪᠠ ᠣᠶᠤᠨᠲᠤ ᠲᠠᠷᠢᠶᠠᠯᠠᠩ ᠮᠠᠯ ᠠᠵᠤ ᠠᠬᠤᠢ ᠶᠢ ᠬᠥᠲᠥᠯᠥᠨ ᠳᠠᠭᠠᠭᠤᠯᠬᠤ ᠪᠠᠷ  ᠣᠨᠴᠠᠯᠢᠭ ᠳᠠᠪᠠᠭᠤᠯᠢᠭ ᠢᠶᠠᠨ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠭᠤᠣᠯ ᠰᠠᠭᠤᠷᠢᠨ︾  ᠢ ᠪᠠᠶᠢᠭᠤᠯᠤᠨ᠎ᠠ᠃            ᠬᠤᠳᠠ ᠶᠢᠨ ᠤᠳᠤᠷᠢᠳᠤᠯᠭ᠎ᠠ ᠴᠠᠩ ᠫᠧᠢ ᠵᠦᠩ᠂ ᠯᠢᠦ ᠵᠢᠢ ᠶᠢᠩ᠂ ᠯᠢᠦ ᠵᠢᠶᠠᠨ ᠭᠦᠸᠧ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号