ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠳᠤ ᠬᠡᠷᠡᠭᠵᠢᠭᠦᠯᠬᠦ ᠪᠠᠷ ᠪᠠᠶᠢᠭ᠎ᠠ ︽ᠨᠢᠭᠡ ᠲᠣᠰᠬᠤᠨ ᠨᠢᠭᠡ ᠲᠥᠷᠥᠯ ᠵᠦᠢᠯ︾ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠵᠠᠷᠯᠠᠨ ᠨᠡᠶᠢᠲᠡᠯᠡᠬᠦ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/7/21
     ᠬᠤᠲᠠ ᠶᠢᠨ ᠨᠠᠰᠤᠲᠠᠶᠢᠴᠤᠳ ᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠡᠷᠡᠴᠢᠯᠡᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 2022 ᠣᠨ ᠳᠤ᠂ ᠮᠠᠨ ᠤ ᠰᠢᠶᠠᠨ ᠤ ︽ᠨᠢᠭᠡ ᠲᠣᠰᠬᠤᠨ ᠨᠢᠭᠡ  ᠲᠥᠷᠦᠯ ᠵᠦᠢᠯ︾  ᠤᠨ  ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠦᠴᠤᠸᠠᠨ ᠰᠢᠶᠠᠨ ᠤ ᠬᠠᠷᠠᠭᠤᠯ ᠪᠠᠯᠭᠠᠰᠤ᠂ ᠳᠡᠭᠡᠳᠦ ᠲᠣᠬᠤᠢ ᠰᠢᠶᠠᠩ᠂ ᠳ᠋ᠧ ᠱᠧᠩ ᠭᠸᠤ ᠰᠢᠶᠠᠩ᠂ ᠳ᠋ᠠ ᠴᠢᠩ ᠱᠠᠨ ᠰᠢᠶᠠᠩ ᠵᠡᠷᠭᠡ 4 ᠰᠢᠶᠠᠩ ᠪᠠᠯᠭᠠᠰᠤᠨ ᠤ 5 ᠠᠶᠢᠯ ᠲᠣᠰᠬᠤᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠪᠣᠳᠠᠲᠠᠶ ᠬᠡᠷᠡᠭᠵᠢᠭᠦᠯᠬᠦ ᠲᠥᠷᠥᠯ ᠵᠦᠢᠯ ᠢ ᠦᠴᠤᠸᠠᠨ ᠰᠢᠶᠠᠨ ᠤ ᠳᠤ ᠱᠧᠩ ᠲᠠᠢ ᠴᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠶᠤᠸᠠᠨ ᠰᠢᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠴᠤᠸᠠᠨ ᠰᠢᠶᠠᠨ ᠤ ᠶᠤᠸᠠᠢ ᠵᠧᠩ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠦᠴᠤᠸᠠᠨ ᠰᠢᠶᠠᠨ ᠤ ᠰᠧᠨ ᠺᠠᠩ ᠲᠠᠷᠢᠮᠠᠯ ᠤᠨ ᠲᠠᠷᠢᠶᠠᠴᠢᠨ ᠤ ᠲᠤᠰᠬᠠᠶ ᠬᠤᠷᠰᠢᠶ᠎ᠠ ᠪᠣᠯᠤᠨ ᠥᠪᠥᠷ ᠮᠣᠩᠭᠤᠯ ᠤᠨ ᠲᠠᠯ᠎ᠠ ᠨᠤᠲᠤᠭ ᠤᠨ ᠶᠠᠰᠤᠨ ᠬᠤᠨᠢᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 5 ᠡᠵᠡᠩᠨᠡᠯᠲᠡ ᠶᠢᠨ ᠭᠤᠤᠯ ᠴᠣᠭᠴᠠ ᠠᠴᠠ ᠡᠭᠦᠷᠭᠡᠯᠡᠨ᠎ᠡ᠃ ᠡᠯ᠎ᠡ ᠰᠢᠶᠠᠩ ᠪᠠᠯᠭᠠᠰᠤ ᠶᠢᠨ ᠬᠡᠷᠡᠭᠵᠢᠭᠦᠯᠬᠦ ᠪᠠᠷ ᠪᠠᠶᠢᠭ᠎ᠠ ︽ᠨᠢᠭᠡ ᠭᠠᠴᠠᠭ᠎ᠠ ᠨᠢᠭᠡ ᠲᠥᠷᠦᠯ ᠵᠦᠢᠯ︾  ᠤᠨ ᠵᠦᠢᠯᠡᠰ ᠢ ᠮᠡᠳᠡᠭᠦᠯᠬᠦ ᠵᠢᠷᠤᠮ ᠢ ᠴᠢᠩᠭ᠎ᠠ ᠵᠢᠷᠤᠮᠯᠠᠨ ᠱᠠᠳᠤ ᠱᠠᠳᠤ ᠪᠠᠷ ᠳᠡᠭᠡᠭᠰᠢ ᠮᠡᠳᠡᠭᠦᠯᠦᠨ ᠬᠢᠨᠠᠨ ᠪᠠᠶᠢᠴᠠᠭᠠᠵᠤ᠂ ᠬᠡᠷᠡᠭᠵᠢᠭᠦᠯᠬᠦ ᠪᠡᠶᠡᠴᠢ ᠴᠣᠭᠴᠠ ᠠᠴᠠ ᠮᠡᠳᠡᠭᠦᠯᠬᠦ᠂ ᠭᠠᠴᠠᠭᠠᠨ ᠤ ᠠᠷᠠᠳ ᠤᠨ ᠵᠥᠪᠯᠡᠯ ᠠᠴᠠ ᠬᠢᠨᠠᠨ ᠬᠠᠷᠭᠤᠭᠤᠯᠬᠤ᠂ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠬᠤ᠂ ᠰᠢᠶᠠᠨ ᠤ ᠨᠠᠰᠤᠲᠠᠶᠢᠴᠤᠳ ᠤᠨ ᠡᠪᠯᠡᠯ ᠢ ᠠᠬᠢᠭᠤᠯᠬᠤ ᠬᠤᠷᠠᠯ ᠠᠴᠠ ᠬᠢᠨᠠᠨ ᠬᠠᠷᠭᠤᠭᠤᠯᠬᠤ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠤᠭᠰᠠᠨ ᠤ ᠲᠠᠷᠠᠭ᠎ᠠ ᠬᠡᠷᠡᠭᠵᠢᠭᠦᠯᠬᠦ ᠶᠢ ᠵᠥᠪᠰᠢᠶᠡᠷᠡᠨ᠎ᠡ᠃ ᠡᠳᠦᠭᠡ ᠬᠡᠷᠡᠭᠵᠢᠭᠦᠯᠬᠦ ᠪᠠᠷ ᠪᠠᠶᠢᠭ᠎ᠠ ︽ᠨᠢᠭᠡ ᠲᠣᠰᠬᠤᠨ ᠨᠢᠭᠡ ᠲᠥᠷᠥᠯ ᠵᠦᠢᠯ ︾ ᠤᠨ ᠲᠥᠷᠥᠯ ᠵᠦᠢᠯ ᠤᠨ ᠨᠡᠷᠡᠶᠢᠳᠦᠯ᠂ ᠭᠤᠶᠤᠴᠢᠯᠠᠨ ᠮᠡᠳᠡᠭᠦᠯᠦᠭᠰᠡᠨ ᠨᠢᠭᠡᠴᠡ᠂ ᠬᠡᠷᠡᠭᠵᠢᠭᠦᠯᠬᠦ ᠭᠠᠵᠠᠷ ᠣᠷᠣᠨ᠂ ᠬᠡᠷᠡᠭᠵᠢᠭᠦᠯᠬᠦ ᠭᠤᠤᠯ ᠴᠣᠭᠴᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 2022 ᠣᠨ ᠤ 7 ᠰᠠᠷ᠎ᠠ ᠶᠢᠨ 20 ᠤ ᠡᠳᠦᠷ ᠠᠴᠠ 2022 ᠣᠨ ᠤ 7 ᠰᠠᠷ᠎ᠠ ᠶᠢᠨ 29 ᠤ ᠡᠳᠦᠷ ︵ᠨᠡᠶᠢᠲᠡ 10 ᠤ ᠡᠳᠦᠷ︶ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠲᠤᠰᠬᠠᠬᠤ ᠪᠣᠯᠪᠠᠤ᠃ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠣᠪᠣᠭ ᠨᠡᠷ᠎ᠡ ︵ᠪᠡᠶ᠎ᠡ ᠶᠢᠨ ᠦᠨᠡᠮᠯᠡᠯ ᠢᠶᠠᠷ ᠪᠠᠷᠢᠮᠵᠢᠶ᠎ᠠ ᠪᠣᠯᠭᠠᠨ᠎ᠠ︶᠂ ᠬᠠᠷᠢᠯᠴᠠᠬᠤ ᠠᠷᠭ᠎ᠠ ᠮᠠᠶ᠋ᠢᠭ ᠪᠠ ᠲᠤᠰᠬᠠᠭᠰᠠᠨ ᠤᠴᠢᠷ ᠶᠠᠪᠤᠳᠠᠯ ᠢ ᠭᠡᠷᠡᠴᠢᠯᠡᠬᠦ ᠮᠠᠲ᠋ᠧᠷᠢᠶᠠᠯ ᠵᠡᠷᠭᠡ ᠶᠢ ᠬᠠᠩᠭᠠᠭᠠᠷᠠᠶ︔ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠪᠠᠯ᠂ ᠨᠢᠭᠡᠴᠢ ᠶᠢᠨ ᠦᠨᠡᠨ ᠪᠣᠳᠠᠲᠠᠢ ᠨᠡᠷᠡᠶᠢᠳᠦᠯ ︵ᠠᠯᠪᠠᠨ ᠲᠠᠮᠠᠭ᠎ᠠ ᠳᠠᠷᠤᠨ᠎ᠠ︶᠂ ᠬᠠᠷᠢᠯᠴᠠᠬᠤ ᠬᠥᠮᠦᠨ᠂ ᠬᠠᠷᠢᠯᠴᠠᠬᠤ ᠠᠷᠭ᠎ᠠ ᠬᠡᠯᠪᠡᠷᠢ ᠪᠠ ᠲᠤᠰᠬᠠᠭᠰᠠᠨ ᠵᠦᠢᠯᠡᠰ ᠢ ᠭᠡᠷᠡᠴᠢᠯᠡᠬᠦ ᠮᠠᠲ᠋ᠧᠷᠢᠶᠠᠯ ᠵᠡᠷᠭᠡ ᠶᠢ ᠬᠠᠩᠭᠠᠭᠠᠷᠠᠢ᠃      ᠬᠠᠷᠢᠯᠴᠠᠬᠤ ᠬᠥᠮᠦᠨ᠄ ᠲᠢᠶᠠᠨ ᠸᠠᠩ ᠵᠢᠶᠦ᠋ᠨ       ᠬᠢᠨᠠᠯᠲᠠ ᠲᠠᠯᠪᠢᠬᠤ ᠤᠲᠠᠰᠤ᠄ 0471 — 8821609      ᠰᠢᠦᠳᠠᠨ ᠬᠠᠶᠢᠷᠴᠠᠭ᠄ wclch5188@163.com      ᠬᠠᠷᠢᠯᠴᠠᠬᠤ ᠬᠠᠶ᠋ᠢᠭ᠄ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                       2022 ᠣᠨ ᠤ 7 ᠰᠠᠷ᠎ᠠ ᠶᠢᠨ 20 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号