2022 ᠣᠨ ᠤ ᠬᠤᠶᠠᠳᠤᠭᠠᠷ ᠤᠯᠠᠷᠢᠯ ᠤᠨ ᠤᠯᠠᠭᠠᠨ ᠲᠤᠭ‌‍ᠴᠣᠩᠬᠤᠪᠴᠢ ᠶᠢ ᠵᠠᠷᠯᠠᠨ ᠬᠥᠬᠢᠭᠦᠯᠬᠦ ᠲᠤᠬᠠᠶ ᠦᠴᠤᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/7/21
ᠡᠯ᠎ᠡ ᠴᠣᠩᠬᠤᠪᠴᠢ ᠨᠢᠭᠡᠴᠡ᠂ ᠪᠠᠶᠢᠭᠤᠯᠭ᠎ᠠ ᠶᠢᠨ ᠡᠯ᠎ᠡ ᠲᠠᠰᠤᠭ ᠲᠤ᠄      ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠣᠯᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠠᠢ᠃ ᠲᠡᠷᠢᠭᠦᠨ ᠤ ᠬᠢ ᠶᠢ ᠪᠠᠳᠠᠷᠠᠭᠤᠯᠵᠤ᠂ ᠵᠣᠷᠢᠭ ᠢ ᠬᠥᠪᠴᠢᠯᠡᠬᠦ ᠶᠢᠨ ᠲᠥᠯᠥᠭᠡ᠂ ᠰᠤᠳᠤᠯᠬᠤ ᠪᠠᠷ ᠳᠡᠮᠵᠢᠨ᠂ ᠲᠣᠰ ᠵᠢᠯ ᠤᠨ ᠬᠤᠶᠠᠳᠤᠭᠠᠷ ᠤᠯᠠᠷᠢᠯ ᠤᠨ ᠤᠯᠠᠭᠠᠨ ᠲᠤᠭ ᠴᠣᠩᠬᠤᠪᠴᠢ ᠶᠢ ᠵᠠᠷᠯᠠᠨ ᠰᠠᠶᠢᠰᠢᠶᠠᠬᠤ ᠪᠠᠷ ᠲᠣᠭᠲᠠᠪᠠ᠃ᠰᠠᠶᠢᠰᠢᠶᠠᠭᠳᠠᠭᠰᠠᠨ ᠴᠣᠩᠬᠤᠪᠴᠢ ᠶᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠬᠤ ᠶᠢ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠪᠥᠬᠦ ᠠᠵᠢᠯᠲᠠᠳ ᠲᠡᠷᠢᠭᠦᠨ ᠤ ᠬᠢ ᠪᠠᠷ ᠥᠯᠢᠭᠡᠷ ᠳᠠᠭᠤᠷᠢᠶᠠᠯ ᠪᠣᠯᠭᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ︽ᠳᠡᠯᠭᠡᠭᠦᠷ ᠤᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠴᠤᠸᠠᠨ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠤᠷᠢᠶᠠᠯᠠᠵᠤ ᠪᠠᠶᠢᠨ᠎ᠠ᠃                                                        ᠦᠴᠤᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ                            ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                                                                    2022 ᠣᠨ ᠤ 7 ᠰᠠᠷ᠎ᠠ ᠶᠢᠨ 1 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号