7 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/7/22
     7 ᠳ᠋ᠤᠭᠠᠷ ᠰᠠᠷ᠎ᠠ ᠶᠢᠨ 21 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠭᠰᠠᠨ 1 ᠬᠥᠮᠥᠨ ᠢ ᠪᠠᠭᠲᠠᠭᠠᠨ᠎ᠠ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠥᠮᠥᠨ ︵ᠪᠠᠶᠠᠨᠨᠠᠭᠤᠷ ᠬᠤᠲᠠ ᠳᠤ︶ ᠢᠯᠠᠷᠢᠰᠢᠵᠦ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 6 ᠬᠥᠮᠥᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠠᠷᠢᠰᠢᠵᠦ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠥᠮᠥᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ 7 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9 ︵ᠬᠥᠬᠡᠬᠤᠲᠠ ᠳᠤ 1᠂ ᠪᠠᠶᠠᠨᠨᠠᠭᠤᠷ ᠬᠤᠲᠠ ᠳᠤ 8 ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 19 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 16 ︵ᠴᠥᠮ ᠬᠥᠬᠡᠬᠤᠲᠠ ᠳᠤ︶ ᠪᠣᠢ᠃ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号