︵ᠰᠤᠷᠪᠤᠯᠵᠢᠯᠠᠭᠴᠢ ᠴᠡᠪᠡᠷᠬᠠᠰ︶ 7 ᠳ᠋ᠤᠭᠠᠷ ᠰᠠᠷ᠎ᠠ ᠶᠢᠨ 21 ᠤ ᠡᠳᠦᠷ᠂ ᠬᠤᠳᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 19 ᠤ ᠡᠳᠦᠷ᠂ ᠤᠯᠤᠰ ᠤᠨ | ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠪᠦᠬᠦ ᠤᠯᠤᠰ ᠤᠨ ᠬᠤᠶᠠᠳᠤᠭᠠᠷ ᠪᠦᠯᠦᠭ ᠤᠨ ᠬᠤᠳᠠ ᠶᠢᠨ | ᠠᠷᠠᠳ ᠲᠤ ᠲᠦᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠭᠠᠵᠠᠷ | ᠣᠷᠣᠨ ᠢ ᠨᠡᠶᠢᠲᠡᠯᠡᠵᠦ᠂ ᠬᠥᠬᠡᠬᠤᠲᠠ ᠠᠮᠵᠢᠯᠲᠠ ᠲᠠᠢ ᠰᠤᠩᠭᠤᠭᠳᠠᠪᠠ᠃ ᠡᠨᠡ ᠨᠢ ᠮᠠᠨ ᠤ ᠬᠤᠲᠠ ᠶᠢᠨ ᠬᠢᠨ | ᠬᠤᠲᠠ ᠶᠢᠨ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠤᠨ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ᠂ ᠣᠯᠠᠨ ᠶᠠᠩᠵᠤ ᠪᠠᠷ ᠲᠦᠯᠬᠢᠨ | ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ︽ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ ᠬᠤᠲᠠ ᠶᠢᠨ | ᠠᠮᠢᠳᠤᠷᠠᠯ ᠤᠨ ᠦᠢᠯᠡᠴᠢᠯᠡᠭᠡ ᠶᠢ ᠳᠥᠭᠦᠮᠴᠢᠯᠡᠬᠦ᠂ ᠪᠠᠷᠢᠮᠵᠢᠶᠠᠵᠢᠭᠤᠯᠬᠤ᠂ ᠶᠠᠰᠤ ᠴᠢᠨᠠᠷᠵᠢᠭᠤᠯᠬᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠃ | ᠬᠤᠲᠠ ᠶᠢᠨ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠨᠡ ᠵᠢᠯ ᠤᠨ 3 ᠳ᠋ᠤᠭᠠᠷ ᠰᠠᠷ᠎ᠠ ᠳᠤ ᠮᠠᠨ ᠤ ᠬᠤᠲᠠ | ᠭᠤᠶᠤᠴᠢᠯᠠᠨ ᠮᠡᠳᠡᠭᠦᠯᠬᠦ ᠪᠡᠯᠡᠳᠬᠡᠯ ᠠᠵᠢᠯ ᠢ ᠡᠬᠢᠯᠡᠭᠦᠯᠵᠦ᠂ ︽ᠬᠥᠬᠡᠬᠤᠲᠠ ᠶᠢᠨ ᠠᠷᠠᠳ ᠲᠤ ᠲᠥᠬᠦᠮ ᠦᠵᠡᠭᠦᠯᠬᠦ | ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠲᠣᠭᠲᠠᠭᠠᠨ | ᠳᠠᠷᠤᠮᠠᠯᠯᠠᠨ ᠲᠠᠷᠬᠠᠭᠠᠭᠰᠠᠨ ᠪᠥᠭᠡᠳ 6 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠦᠷᠦᠭᠦᠤ | ᠪᠦᠯᠦᠭ ᠤᠨ ᠬᠤᠲᠠ ᠶᠢᠨ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ ᠤᠨ | ᠲᠤᠷᠰᠢᠯᠲᠠ ᠶᠢᠨ ᠭᠠᠵᠠᠷ ᠣᠷᠣᠨ ᠢᠶᠠᠷ ᠵᠥᠪᠰᠢᠶᠡᠷᠡᠭᠳᠡᠵᠡᠢ᠃ ︽ᠬᠤᠶᠠᠷ ᠵᠢᠯ ᠲᠤᠷᠰᠢᠯᠲᠠ ᠬᠢᠵᠦ᠂ ᠭᠤᠷᠪᠠᠨ | ᠵᠢᠯ ᠳᠤ ᠳᠡᠯᠭᠡᠷᠡᠭᠦᠯᠬᠦ︾ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠠᠷᠠᠳ ᠲᠤ ᠳᠥᠭᠦᠮ ᠦᠵᠡᠭᠦᠯᠬᠦ ᠨᠢᠭᠡ | ᠮᠥᠴᠡ ᠶᠢᠨ ᠠᠮᠢᠳᠤᠷᠠᠯ ᠤᠨ ᠲᠣᠭᠤᠷᠢᠭ ᠢ ᠪᠠᠶᠢᠭᠤᠯᠤᠨ ᠪᠤᠶᠢᠵᠢᠭᠤᠯᠬᠤ᠂ ᠴᠢᠳᠠᠪᠬᠢ ᠶᠢ ᠳᠡᠭᠡᠭᠰᠢᠯᠡᠭᠦᠯᠬᠦ ᠪᠠ | ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠠᠵᠢᠯ ᠢ ᠬᠡᠰᠡᠭ ᠪᠦᠯᠦᠭ ᠬᠤᠪᠢᠶᠠᠨ ᠵᠣᠬᠢᠶᠠᠨ ᠪᠠᠶᠢᠭᠤᠯᠵᠤ᠂ ᠡᠨᠡ | ᠵᠢᠯ ᠪᠠᠶᠢᠷᠢᠰᠢᠯ ᠨᠢ ᠵᠦᠢ ᠵᠣᠬᠢᠰᠲᠠᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠪᠦᠷᠢᠨ ᠭᠦᠢᠴᠡᠳ᠂ ᠴᠢᠳᠠᠮᠵᠢ ᠨᠢ | ᠪᠦᠷᠢᠨ ᠲᠡᠭᠦᠯᠳᠡᠷ᠂ ᠣᠶᠣᠨᠴᠢ ᠳᠥᠭᠦᠮ ᠳᠥᠲᠡ᠂ ᠡᠮᠬᠢ ᠵᠢᠷᠤᠮ ᠲᠠᠢ᠂ ᠦᠢᠯᠡᠴᠢᠯᠡᠭᠡ ᠨᠢ ᠴᠢᠨᠠᠷ ᠰᠠᠶᠢᠲᠠᠢ᠂ | ᠬᠤᠳᠠᠯᠳᠤᠭ᠎ᠠ ᠣᠷᠣᠨ ᠰᠠᠭᠤᠴᠠ ᠨᠢ ᠡᠶ᠎ᠡ ᠵᠣᠬᠢᠴᠠᠯ ᠲᠠᠢ ᠬᠤᠳᠠ ᠶᠢᠨ ᠠᠷᠠᠳ ᠲᠤ ᠲᠦᠬᠦᠮ ᠦᠵᠡᠭᠦᠯᠬᠦ | ᠠᠮᠢᠳᠤᠷᠠᠯ ᠤᠨ ᠲᠣᠭᠤᠷᠢᠭ ᠤᠨ 10 ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠳᠤ ᠦᠢᠯᠡᠴᠢᠯᠡᠬᠦ᠂ ᠬᠡᠷᠡᠭᠯᠡᠭᠡᠨ ᠤ ᠲᠡᠰ ᠳᠡᠪᠰᠢᠬᠦ ᠶᠢ | ᠠᠬᠢᠭᠤᠯᠬᠤ᠂ ᠬᠤᠳᠠ ᠶᠢᠨ ᠠᠵᠤ ᠠᠬᠤᠢ ᠶᠢᠨ ᠪᠢᠴᠢᠯ ᠣᠷᠴᠢᠯ ᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ ᠨᠡᠩ | ᠶᠡᠭᠡ ᠦᠢᠯᠡᠳᠦᠯ ᠪᠠᠳᠠᠷᠠᠭᠤᠯᠬᠤ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠣᠰ ᠤᠳᠠᠭᠠᠨ ᠤ ᠲᠤᠷᠰᠢᠯᠲᠠ ᠶᠢᠨ | ᠭᠠᠵᠠᠷ ᠣᠷᠣᠨ ᠢᠶᠠᠷ ᠰᠤᠩᠭᠤᠭᠳᠠᠭᠰᠠᠨ ᠢᠶᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ | ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠪᠡᠯᠡᠳᠬᠡᠮᠵᠢ ᠶᠢᠨ ᠳᠤᠲᠠᠭᠳᠠᠯ ᠢ | ᠨᠥᠬᠦᠪᠦᠷᠢᠯᠡᠬᠦ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠪᠤᠵᠠᠭᠠᠶᠢᠷᠠᠭᠤᠯᠬᠤ᠂ ᠵᠢᠷᠤᠮᠵᠢᠭᠰᠠᠨ ᠡᠵᠡᠩᠨᠡᠯᠲᠡ ᠶᠢ ᠬᠥᠲᠥᠯᠥᠨ ᠵᠢᠯᠤᠭᠤᠳᠬᠤ ᠵᠡᠷᠭᠡ | ᠲᠠᠯ᠎ᠠ ᠪᠠᠷ ᠬᠤᠲᠠ ᠶᠢᠨ ᠠᠮᠢᠳᠤᠷᠠᠯ ᠤᠨ ᠦᠢᠯᠡᠴᠢᠯᠡᠭᠡ ᠶᠢᠨ ᠲᠦᠭᠦᠮ ᠦᠵᠡᠭᠦᠯᠬᠦ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠬᠤᠲᠠ ᠶᠢᠨ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠮᠢᠳᠤᠷᠠᠯ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ |