7 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/7/25
     7 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ ︵ᠴᠥᠮ ᠪᠠᠶᠠᠨᠨᠠᠭᠤᠷ ᠬᠤᠲᠠ ᠳᠤ ᠪᠣᠶ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      7 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠪᠣᠶ᠂ ᠡᠭᠦᠨ ᠳᠤ ᠬᠥᠬᠡᠬᠤᠲᠠ ᠳᠤ 1᠂ ᠪᠠᠶᠠᠨᠨᠠᠭᠤᠷ ᠬᠤᠲᠠ ᠳᠤ 3 ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 14 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ︵ᠴᠥᠮ ᠬᠥᠬᠡᠬᠤᠲᠠ ᠳᠤ︶ ᠪᠣᠢ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号