ᠦᠴᠤᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2022 ᠣᠨ ᠤ 6 ᠳ᠋ᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/26
     7 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ 6 ᠳ᠋ᠤᠭᠠᠷ ᠤᠳᠠᠭ᠎ᠠ ᠶᠢᠨ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠮᠠᠨ ᠤ ᠰᠢᠶᠠᠨ ᠤ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠬᠡᠰᠡᠭ ᠰᠠᠯᠠᠭ᠎ᠠ ᠮᠥᠴᠢᠷ᠂ ᠰᠢᠶᠠᠩ ᠪᠠᠯᠭᠠᠰᠤ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠶᠠᠷᠢᠶ᠎ᠠ ᠶᠢ ᠰᠣᠨᠣᠰᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯ ᠴᠢᠬᠤᠯᠠ ᠶᠡᠭᠡ ᠤᠯᠤᠰ ᠲᠦᠷᠦ ᠶᠢᠨ ᠠᠵᠢᠯ ᠪᠣᠯᠤᠨ᠎ᠠ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠡᠷᠡᠭ ᠤᠨ ᠡᠮᠦᠨᠡᠬᠢ ᠰᠡᠷᠭᠡᠶᠢᠯᠡᠯᠲᠡ ᠶᠢ ᠢᠳᠡᠪᠬᠢᠲᠡᠢ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠢ ᠶᠡᠬᠡᠪᠡᠷ ᠬᠠᠮᠠᠭᠠᠯᠠᠬᠤ ᠬᠡᠷᠡᠭᠲᠡᠢ᠃ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠤᠰᠤᠨ ᠳᠤ ᠵᠢᠪᠬᠦ ᠶᠢ ᠰᠡᠷᠭᠡᠶᠢᠯᠡᠬᠦ᠂ ᠭᠠᠯ ᠰᠡᠷᠭᠡᠶᠢᠯᠡᠬᠦ ᠠᠮᠤᠷ ᠲᠦᠪᠰᠢᠨ᠂ ᠬᠤᠳᠠ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠲᠠᠰᠤᠷᠠᠯᠳᠡ ᠦᠭᠡᠢ ᠪᠣᠳᠠᠲᠠᠶᠢᠵᠢᠭᠤᠯᠬᠤ ᠬᠡᠷᠡᠭᠲᠡᠢ︔ ᠬᠤᠯᠪᠣᠭᠳᠠᠯ ᠪᠦᠬᠦᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢᠨ ᠠᠷᠠᠳ ᠤᠨ ᠰᠡᠳᠬᠢᠯ ᠳᠤ ᠭᠦᠨᠵᠡᠭᠡᠶᠢᠷᠡᠬᠦ ᠶᠢ ᠪᠠᠲᠤᠯᠠᠬᠤ ᠬᠡᠷᠡᠭᠲᠡᠢ︔ ᠬᠢᠨᠠᠨ ᠬᠠᠮᠢᠶᠠᠷᠬᠤ ᠡᠷᠴᠢᠮ ᠢᠶᠠᠨ ᠴᠢᠩᠳᠠᠯᠠᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠮᠡᠳᠡᠬᠦ ᠭᠤᠤᠯᠳᠠᠯᠭ᠎ᠠ ᠲᠠᠢ ᠣᠷᠣᠨ ᠪᠦᠰᠡ ᠳᠤ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠪᠠᠶᠢᠴᠠᠭᠠᠯᠲᠠ ᠬᠢᠵᠦ᠂ ᠡᠷᠲᠡ ᠠᠴᠠ ᠢᠯᠡᠷᠡᠭᠦᠯᠵᠦ᠂ ᠡᠷᠲᠡ ᠠᠴᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号