ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠴᠤᠸᠠᠨ ᠰᠢᠶᠠᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/7/26
     7 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠬᠢᠩᠭᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠰᠢᠩ ᡁᠢ ᠾᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠬᠢᠩᠭᠠᠨ ᠵᠢᠭᠠᠵᠤ ᠭᠠᠷᠭᠠᠭᠰᠠᠨ ᠨᠢ᠂ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ ᠪᠠᠷ ᠠᠷᠭ᠎ᠠ ᠵᠠᠮ ᠪᠣᠯᠭᠠᠵᠤ᠂ ᠡᠯᠪᠡᠭ ᠪᠠᠶᠠᠯᠢᠭ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠣᠬᠢᠬᠤ ᠬᠢᠷᠢ ᠪᠦᠲᠦᠮᠵᠢ ᠣᠯᠤᠭᠰᠠᠨ ᠪᠠᠶᠢᠨ᠎ᠠ᠃ ᠬᠤᠶᠢᠰᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠵᠠᠮᠴᠢᠯᠠᠯ ᠢᠶᠠᠷ ᠭᠠᠷᠳᠠᠴᠠ ᠪᠣᠯᠭᠠᠬᠤ᠂ ᠤᠬᠠᠭᠤᠯᠭ᠎ᠠ ᠬᠥᠮᠦᠵᠢᠯ ᠢᠶᠠᠷ ᠭᠠᠷᠳᠠᠴᠠ ᠪᠣᠯᠭᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢᠶᠠᠷ ᠭᠠᠷᠳᠠᠴᠠ ᠪᠣᠯᠭᠠᠬᠤ ︽ᠭᠤᠷᠪᠠᠨ ᠭᠠᠷᠳᠠᠴᠠ ᠪᠣᠯᠭᠠᠬᠤ︾ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠰᠤᠷᠤᠭᠴᠢᠳ ᠤᠨ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠵᠦ᠂ ᠰᠠᠭᠤᠷᠢ ᠲᠠᠯᠪᠢᠬᠤ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠪᠠᠶᠢᠩᠭᠤ ᠳᠡᠯᠭᠡᠷᠡᠨ ᠳᠡᠯᠭᠡᠷᠡᠬᠦ ᠶᠢ ᠠᠬᠢᠭᠤᠯᠬᠤ ᠬᠡᠷᠡᠭᠲᠡᠢ ᠭᠡᠪᠡ      ᠶᠠᠨ ᠬᠦ᠋ ᠹᠠᠩ ᠪᠦᠯᠦᠭᠯᠡᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠯ᠎ᠠ ᠨᠤᠲᠤᠭ ᠤᠨ ᠡᠭᠦᠳᠡ ᠰᠣᠶᠣᠯ ᠤᠨ ᠵᠤᠭᠠᠴᠠᠯ ᠤᠨ ᠲᠥᠪ ᠤᠨ ᠴᠠᠢ ᠶᠢᠨ ᠰᠣᠶᠣᠯ᠂ ᠲᠠᠯ᠎ᠠ ᠨᠤᠲᠤᠭ ᠤᠨ ᠠᠮᠢᠳᠤᠷᠠᠯ ᠤᠨ ᠣᠷᠳᠣᠨ᠂ ᠤᠷᠤᠰ ᠤᠨ ᠵᠠᠩ ᠦᠢᠯᠡ ᠶᠢᠨ ᠣᠷᠳᠣᠨ᠂ ᠨᠣᠬᠠᠶ ᠶᠢᠨ ᠬᠤᠰᠢᠭᠤ ᠶᠢᠨ ᠵᠢᠵᠢᠭ ᠦᠷᠦᠭᠡ᠂ ᠤᠮᠠᠷᠠᠲᠤ ᠸᠧᠢ ᠤᠯᠤᠰ ᠤᠨ ᠵᠠᠩ ᠦᠢᠯᠡ ᠶᠢᠨ ᠠᠮᠲᠠᠲᠤ ᠢᠳᠡᠭᠡᠨ ᠤ ᠵᠡᠭᠡᠯᠢ᠂ ᠨᠣᠬᠠᠶ ᠶᠢᠨ ᠬᠤᠰᠢᠭᠤ ᠶᠢᠨ ᠤᠳᠤ ᠦᠶ᠎ᠡ ᠶᠢᠨ ᠤᠷᠠᠯᠢᠭ ᠤᠨ ᠣᠷᠳᠣᠨ ᠵᠢᠴᠢ ᠶᠠᠨ ᠬᠦ᠋ ᠹᠠᠩ ᠤᠨ ᠠᠮᠤ ᠪᠤᠳᠠᠭᠠᠨ ᠤ ᠣᠶᠤᠨᠴᠢ ᠦᠢᠯᠡᠳᠪᠦᠷᠢ ᠵᠡᠷᠭᠡ ᠶᠢ ᠲᠣᠭᠤᠷᠢᠨ ᠦᠵᠡᠵᠦ᠂ ᠶᠠᠨ ᠬᠦ᠋ ᠹᠠᠩ ᠪᠦᠯᠦᠭᠯᠡᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠤᠨ ᠪᠣᠳᠠᠲᠠᠢ ᠦᠢᠯᠡᠳᠦᠯᠭᠡ ᠪᠣᠯᠤᠨ ᠦᠷ᠎ᠡ ᠪᠦᠲᠦᠭᠡᠯ ᠢ ᠪᠡᠶᠡᠴᠢᠯᠡᠨ ᠣᠶᠢᠯᠠᠭᠠᠪᠠ᠃ ᠬᠢᠩᠭᠠᠨ ᠵᠢᠭᠠᠵᠤ ᠭᠠᠷᠭᠠᠭᠰᠠᠨ ᠨᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠠᠮᠤᠭ ᠤᠨ ᠰᠡᠭᠦᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡ ᠡᠷᠭᠢ ᠪᠠᠯᠭᠠᠰᠤᠨ ᠤ ᠲᠡᠭᠡᠷᠡᠮᠲᠦ ᠲᠣᠰᠬᠤᠨ ᠳᠤ ᠬᠦᠷᠴᠦ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠬᠢᠩᠭᠠᠨ ᠵᠢᠭᠠᠵᠤ ᠭᠠᠷᠭᠠᠭᠰᠠᠨ ᠨᠢ᠂ ᠤᠷᠳᠤ ᠬᠤᠭᠤᠴᠠᠭᠠᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠦᠴᠤᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠡᠩ ᠪᠠᠲᠤᠵᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠤᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号