ᠪᠣᠣ ᠭᠠᠩ ᠭᠤᠸᠠᠩᠳᠦ᠋ᠩ ᠤᠨ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠱᠣᠣ ᠮᠧᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/7/26
     ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠭᠤᠸᠠᠩᠳᠦ᠋ᠩ ᠤᠨ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠱᠤᠤ ᠮᠧᠢ ᠨᠠᠷ ᠲᠠᠢ ᠠᠭᠤᠯᠵᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠴᠧᠨ ᠱᠤᠤ ᠮᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠷᠣᠨ ᠤ ᠲᠥᠪ ᠬᠤᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠬᠥᠭᠵᠢᠯᠲᠡ ᠶᠢᠨ ᠳᠠᠪᠠᠭᠤᠯᠢᠭ ᠢ ᠳᠥᠭᠦᠮᠬᠡᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠣᠳᠣᠬᠠᠨ ᠳᠤ ᠶᠠᠭ ᠬᠦᠴᠦ ᠪᠠᠨ ᠲᠥᠪᠯᠡᠷᠡᠭᠦᠯᠦᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠤᠶᠢᠵᠢᠭᠤᠯᠵᠤ ᠪᠤᠢ᠂ ᠡᠭᠦᠨ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠨᠢ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ ᠲᠤᠯᠭᠠᠭᠤᠷᠢᠯᠠᠬᠤ ᠬᠦᠴᠦᠨ ᠵᠦᠢᠯ ᠰᠠᠶᠢᠨ᠂ ᠠᠵᠤ ᠦᠢᠯᠡᠰ ᠤᠨ ᠰᠠᠭᠤᠷᠢ ᠬᠦᠴᠦᠷᠬᠡᠭ ᠪᠠᠶᠢᠨ᠎ᠠ᠃ ᠭᠤᠸᠠᠩᠳᠦ᠋ᠩ ᠤᠨ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠵᠠ ᠲᠣᠬᠢᠶᠠᠯ ᠢ ᠠᠮᠵᠢᠵᠤ᠂ ᠠᠵᠤ ᠠᠬᠤᠶᠢᠯᠠᠯ ᠤᠨ ᠮᠡᠷᠭᠡᠵᠢᠯ ᠤᠨ ᠳᠠᠪᠠᠭᠤᠯᠢᠭ ᠬᠢᠭᠡᠳ ᠣᠷᠣᠨ ᠨᠤᠲᠤᠭ ᠤᠨ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢ ᠬᠠᠷᠢᠯᠴᠠᠨ ᠤᠶᠠᠯᠳᠤᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠠᠷᠠᠭᠠᠴᠢ ᠶᠢᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠦᠷ᠎ᠡ ᠠᠰᠢᠭ ᠢ ᠨᠡᠮᠡᠭᠳᠡᠭᠦᠯᠬᠦ ᠪᠠᠷ ᠠᠵᠤ ᠦᠢᠯᠡᠰ ᠤᠨ ᠴᠢᠳᠠᠪᠤᠷᠢ ᠶᠢᠨ ᠲᠦᠢᠯ ᠢ ᠳᠡᠭᠡᠭᠰᠢᠯᠡᠭᠦᠯᠦᠨ᠂ ᠣᠷᠣᠨ ᠤ ᠲᠥᠪ ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ︽ᠬᠤᠶᠠᠳᠠᠭᠢ ᠤᠳᠠᠭ᠎ᠠ ᠦᠢᠯᠡᠰ ᠴᠣᠭᠴᠠᠯᠠᠬᠤ︾ ᠶᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠣᠷᠣᠨ ᠤ ᠲᠥᠪ ᠬᠤᠲᠠ ᠴᠦ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠠᠵᠤ ᠠᠬᠤᠶᠢᠯᠠᠯ ᠢ ᠰᠠᠨᠠᠭ᠎ᠠ ᠠᠮᠤᠷ ᠰᠠᠭᠤᠷᠢᠰᠢᠭᠤᠯᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠲᠤᠰᠠᠯᠠᠨ᠎ᠠ ᠭᠡᠵᠡᠢ᠃ ᠴᠧᠨ ᠱᠣᠣ ᠮᠧᠶ ᠺᠣᠮᠫᠠᠨᠢ ᠶᠢᠨ ᠬᠥᠭᠵᠢᠯᠲᠡ ᠶᠢᠨ ᠢᠷᠡᠭᠡᠳᠦᠢ ᠪᠠ ᠬᠥᠬᠡᠬᠤᠲᠠ ᠳᠤ ᠨᠡᠮᠡᠵᠦ ᠬᠢᠬᠦ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠂ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠠᠵᠤ ᠦᠢᠯᠡᠰ ᠤᠨ ᠣᠨᠴᠠᠯᠢᠭ ᠲᠣᠪᠤᠶᠢᠮ᠎ᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ᠂ ᠠᠵᠤ ᠠᠬᠤᠢ ᠶᠢᠨ ᠬᠥᠭᠵᠢᠯᠲᠡ ᠡᠷᠴᠢᠮᠲᠡᠢ ᠪᠠᠶᠢᠵᠤ᠂ ᠠᠵᠤ ᠠᠬᠤᠶᠢᠯᠠᠯ ᠠᠴᠠ ᠬᠥᠬᠡᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠶᠢ ᠮᠠᠰᠢ ᠰᠠᠶᠢᠨ ᠦᠵᠡᠵᠦ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃  ᠬᠤᠶᠢᠰᠢᠳᠠ᠂ ᠠᠵᠤ ᠠᠬᠤᠶᠢᠯᠠᠯ ᠠᠴᠠ ᠪᠠᠰᠠ ᠲᠤᠬᠠᠢ ᠶᠢᠨ ᠭᠠᠵᠠᠷ ᠤᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠳᠠᠭᠠᠭᠤᠯᠤᠭᠴᠢ ᠠᠵᠤ ᠠᠬᠤᠶᠢᠯᠠᠯ ᠲᠠᠢ ᠭᠦᠨᠵᠡᠭᠡᠢ ᠵᠣᠯᠭᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠨᠡᠩ ᠶᠡᠭᠡ ᠬᠥᠭᠵᠢᠯᠲᠡ ᠶᠢ ᠡᠷᠢᠯᠬᠢᠯᠡᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号