ᠪᠣᠣ ᠭᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠬᠤᠳᠠ ᠶᠢᠨ ᠶᠠᠪᠤᠳᠠᠯ ᠤᠨ ᠬᠡᠰᠡᠭ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠬᠦ ᠵᠢᠴᠢ ︽ᠲᠠᠰᠤᠷᠬᠠᠢ ᠵᠠᠮ︾ ᠢ ᠨᠡᠪᠲᠡᠷᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/7/26
     ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠤᠳᠠ ᠶᠢᠨ ᠶᠠᠪᠤᠳᠠᠯ ᠤᠨ ᠬᠡᠰᠡᠭ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠬᠦ ᠪᠠ ︽ᠲᠠᠰᠤᠷᠬᠠᠢ ᠵᠠᠮ︾ ᠢ ᠨᠡᠪᠲᠡᠷᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠶᠠᠪᠤᠳᠠᠯ ᠤᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠨᠢ ᠬᠤᠳᠠ ᠶᠢᠨ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠬᠤ᠂ ᠬᠤᠳᠠ ᠶᠢᠨ ᠴᠢᠳᠠᠪᠤᠷᠢ ᠶᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠡᠭᠦᠳᠡᠨ ᠠᠴᠠ ᠡᠭᠦᠰᠴᠦ᠂ ᠵᠠᠮ ᠬᠠᠷᠢᠯᠴᠠᠭᠠᠨ ᠤ ᠬᠡᠷᠡᠭᠴᠡᠭᠡ᠂ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠵᠡᠷᠭᠡ ᠬᠦᠴᠦᠨ ᠵᠦᠢᠯ ᠢ ᠰᠢᠨᠵᠢᠯᠡᠬᠦ ᠤᠬᠠᠭᠠᠨᠴᠢ ᠪᠠᠷ ᠪᠣᠳᠣᠯᠬᠢᠯᠠᠵᠤ᠂ ᠠᠯᠤᠰ ᠬᠡᠲᠦ ᠶᠢ ᠪᠣᠳᠣᠯᠬᠢᠯᠠᠨ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠴᠡᠭ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠬᠦᠴᠦᠨ ᠵᠦᠢᠯ ᠤᠨ ᠪᠠᠲᠤᠯᠠᠭ᠎ᠠ ᠶᠢ ᠤᠷᠢᠳᠴᠢᠯᠠᠨ ᠰᠠᠶᠢᠲᠤᠷ ᠬᠢᠵᠦ᠂ ᠲᠥᠷᠥᠯ ᠵᠦᠢᠯ ᠢ ᠦᠨᠡᠨᠬᠦ ᠡᠮᠬᠢ ᠵᠢᠷᠤᠮ ᠲᠠᠢ ᠠᠬᠢᠭᠤᠯᠵᠤ᠂ ᠣᠯᠠᠨ ᠲᠦᠮᠡᠨ ᠳᠤ ᠶᠠᠪᠤᠵᠤ ᠰᠠᠭᠤᠬᠤ ᠳᠤ ᠨᠠᠩ ᠲᠠᠭᠠᠯᠠᠮᠵᠢᠲᠠᠢ ᠣᠷᠴᠢᠨ ᠨᠥᠬᠦᠴᠡᠯ ᠢ ᠪᠣᠶ ᠪᠣᠯᠭᠠᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠵᠤᠭᠠᠴᠠᠬᠤ ᠳᠤ ᠲᠣᠬᠢᠷᠠᠮᠵᠢᠲᠠᠢ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ︽ᠲᠠᠰᠤᠷᠬᠠᠢ ᠵᠠᠮ︾ ᠢ ᠨᠡᠪᠲᠡᠷᠡᠭᠦᠯᠬᠦ ᠠᠵᠢᠯ ᠢ ᠲᠦᠷᠭᠡᠳᠬᠡᠵᠦ᠂ ᠲᠣᠭᠲᠠᠭᠰᠠᠨ ᠡᠭᠦᠷᠭᠡ ᠬᠠᠷᠠᠯᠲᠠ ᠶᠢᠨ ᠶᠣᠰᠣᠭᠠᠷ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠵᠠᠩᠭᠢᠯᠠᠭ᠎ᠠ ᠶᠢᠨ ᠴᠡᠭ ᠢ ᠨᠠᠷᠢᠯᠢᠭᠵᠢᠭᠤᠯᠵᠤ᠂ ᠲᠦᠷᠦᠯ ᠵᠦᠢᠯ ᠤᠨ ᠠᠬᠢᠴᠠ ᠶᠢ ᠠᠮᠵᠢᠨ ᠠᠳᠬᠤᠵᠤ᠂ ︽ᠪᠢᠴᠢᠯ ᠣᠷᠴᠢᠯ︾ ᠢᠶᠠᠷ ︽ᠶᠡᠭᠡ ᠣᠷᠴᠢᠯ︾ ᠢ ᠰᠠᠭᠠᠳ ᠦᠭᠡᠢ ᠨᠠᠪᠲᠠᠷᠡᠭᠦᠯᠵᠦ᠂ ︽ᠲᠠᠰᠤᠷᠬᠠᠢ ᠵᠠᠮ︾ ᠢ ᠬᠤᠳᠠ ᠶᠢᠨ ᠠᠷᠠᠳ ᠤᠨ ᠶᠠᠪᠤᠵᠤ ᠰᠠᠭᠤᠬᠤ ᠶᠢ ᠰᠠᠭᠠᠳ ᠦᠭᠡᠢ ᠨᠡᠪᠲᠡᠷᠡᠭᠦᠯᠬᠦ ︽ᠠᠷᠠᠳ ᠤᠨ ᠰᠡᠳᠬᠢᠯ ᠤᠨ ᠵᠠᠮ︾ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠦᠬᠦ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠠᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ᠂ ᠰᠢᠶᠣᠣ ᠹᠠᠩ ᠵᠢᠴᠢ ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号