ᠬᠢᠵᠢᠭ ᠤᠨ ᠪᠠᠶᠢᠳᠠᠯ ᠭᠠᠷᠤᠭᠰᠠᠨ ᠦᠭᠡᠢ ᠭᠠᠵᠠᠷ ᠣᠷᠣᠨ ᠨᠢ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠬᠠᠷᠢᠶᠠᠯᠠᠭᠳᠠᠨ᠎ᠠ ᠦᠦ︖ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠪᠠᠶᠢᠭ᠎ᠠ ᠭᠠᠵᠠᠷ ᠠᠴᠠ ᠪᠠᠨ ᠰᠠᠯᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠪᠠᠨ ᠠᠪᠴᠤ ᠶᠠᠪᠤᠬᠤ ᠬᠡᠷᠡᠭᠲᠡᠢ ᠦᠦ︖ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/7/26
     ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 7 ᠳ᠋ᠤᠭᠠᠷ ᠰᠠᠷ᠎ᠠ ᠶᠢᠨ 21 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ ︱      ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠭᠰᠠᠭᠠᠷ ᠶᠤᠮ      7 ᠳ᠋ᠤᠭᠠᠷ ᠰᠠᠷ᠎ᠠ ᠠᠴᠠ ᠨᠠᠭᠠᠰᠢ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ᠂ ᠣᠶᠢᠷ᠎ᠠ ᠶᠢᠨ ᠬᠤᠭᠤᠴᠠᠭᠠᠨ ᠳᠤ ᠴᠥᠭᠡᠨ ᠭᠠᠵᠠᠷ ᠣᠷᠣᠨ ᠳᠤ ᠬᠢᠵᠢᠭ ᠤᠨ ᠪᠠᠶᠢᠳᠠᠯ ᠳᠠᠬᠢᠨ ᠢᠯᠡᠷᠡᠵᠦ᠂ ᠣᠯᠠᠨ ᠭᠠᠵᠠᠷ ᠲᠤ ᠪᠠᠶᠢᠨ ᠳᠠᠬᠢᠨ ᠳᠡᠯᠭᠡᠷᠡᠬᠦ ᠪᠠᠶᠢᠳᠠᠯ ᠭᠠᠷᠴᠤ᠂ ᠭᠠᠭᠴᠠ ᠡᠳᠦᠷ ᠤᠨ ᠮᠡᠳᠡᠭᠦᠯᠦᠯᠲᠡ ᠳᠤ ᠲᠤᠬᠠᠢ ᠶᠢᠨ ᠭᠠᠵᠠᠷ ᠣᠷᠣᠨ ᠤ ᠬᠠᠯᠳᠠᠪᠤᠷᠢᠯᠠᠭᠰᠠᠳ ᠤᠨ ᠲᠤᠭ᠎ᠠ ᠡᠳᠦᠢ ᠲᠡᠳᠦᠢ ᠨᠡᠮᠡᠭᠳᠡᠵᠡᠢ᠃      ᠣᠶᠢᠷ᠎ᠠ ᠶᠢᠨ ᠨᠢᠭᠡ ᠭᠠᠷᠠᠭ ᠲᠤ᠂ ᠬᠢᠵᠢᠭ ᠤᠨ ᠪᠠᠶᠢᠳᠠᠯ 21 ᠮᠤᠵᠢ ᠣᠷᠣᠨ ᠤ 78 ᠣᠷᠣᠨ ᠬᠤᠲᠠ ᠶᠢ ᠬᠠᠮᠤᠷᠴᠤ ᠂ ᠡᠭᠦᠨ ᠤ ᠳᠣᠲᠣᠷ᠎ᠠ 7 ᠮᠤᠵᠢ ᠣᠷᠣᠨ ᠤ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠵᠠᠭᠤ ᠶᠢ ᠳᠠᠪᠠᠵᠠᠢ᠃ ᠭᠠᠨᠰᠤ ᠶᠢᠨ ᠯᠠᠨᠵᠧᠦ᠂ ᠭᠤᠸᠠᠩᠰᠢ ᠶᠢᠨ ᠪᠧᠢ ᠬᠠᠢ᠂ ᠾᠧᠨᠠᠨ ᠤ ᠵᠤ᠋ ᠮᠠ ᠳ᠋ᠢᠶᠠᠨ ᠤ ᠬᠢᠵᠢᠭ ᠤᠨ ᠪᠠᠶᠢᠳᠠᠯ ᠮᠥᠨ ᠬᠦ ᠬᠥᠭᠵᠢᠯᠲᠡ ᠶᠢᠨ ᠱᠠᠲᠤᠨ ᠳᠤ ᠪᠠᠨ ᠪᠠᠶᠢᠵᠤ᠂ ᠨᠡᠶᠢᠭᠡᠮ ᠤᠨ ᠬᠡᠪᠴᠢᠶᠡᠨ ᠳᠤ ᠬᠠᠯᠳᠠᠪᠤᠷᠢᠯᠠᠬᠤ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠲᠤ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠴᠥᠮ ᠣᠬᠤᠷᠬᠠᠨ ᠬᠤᠭᠤᠴᠠᠭᠠᠨ ᠤ ᠳᠣᠲᠣᠷ᠎ᠠ ᠪᠦᠲᠦᠮᠵᠢᠲᠡᠶ ᠪᠠᠷ ᠡᠵᠡᠮᠳᠡᠵᠦ᠂ ᠬᠢᠵᠢᠭ ᠤᠨ ᠪᠠᠶᠢᠳᠠᠯ ᠤᠨ ᠨᠥᠯᠥᠭᠡ ᠨᠡᠯᠢᠶᠡᠳ ᠬᠢᠵᠠᠭᠠᠷᠲᠠᠢ ᠪᠣᠯᠵᠤ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠨᠢ ᠨᠢᠭᠡᠨᠲᠡ ᠤᠯᠠᠮ ᠨᠢᠭᠡ ᠠᠯᠬᠤᠮ ᠳᠡᠭᠡᠭᠰᠢᠯᠡᠭᠰᠡᠨ ᠪᠠᠶᠢᠨ᠎ᠠ᠃      ᠭᠡᠪᠡᠴᠦ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠳᠠᠬᠢᠨ ᠡᠭᠦᠰᠴᠦ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠥᠮᠥᠰ ᠤᠨ ᠰᠢᠯᠵᠢᠯᠲᠡ ᠶᠢᠨ ᠬᠡᠮᠵᠢᠶ᠎ᠡ ᠨᠡᠮᠡᠭᠳᠡᠵᠦ᠂ ᠡᠯ᠎ᠡ ᠭᠠᠵᠠᠷ ᠲᠤ ᠲᠤᠬᠠᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠬᠦ ᠲᠦᠭᠰᠢᠭᠦᠷᠢ ᠡᠳᠦᠢ ᠲᠡᠳᠦᠢ ᠨᠡᠮᠡᠭᠳᠡᠵᠦ᠂ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠡᠯ᠎ᠡ ᠭᠠᠵᠠᠷ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠵᠢᠷᠤᠮᠯᠠᠨ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠰᠡᠷᠭᠡᠶᠢᠯᠡᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠬᠡᠯᠬᠢᠶ᠎ᠡ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ ᠰᠡᠷᠭᠡᠭ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠠᠷᠭ᠎ᠠ ᠬᠡᠮᠵᠢᠶ᠎ᠡ ᠠᠪᠬᠤ ᠳᠤ ᠪᠠᠨ ᠡᠷᠡᠰ ᠰᠢᠭᠤᠷᠬᠠᠢ ᠪᠠᠶᠢᠵᠤ᠂ ᠲᠦᠷᠭᠡᠨ ᠢᠶᠠᠷ ᠲᠦᠷᠭᠡᠨ ᠢ ᠡᠵᠡᠮᠳᠡᠬᠦ ᠶᠢ ᠪᠠᠷᠢᠮᠲᠠᠯᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠬᠠᠮᠤᠭ ᠤᠨ ᠪᠠᠭ᠎ᠠ ᠬᠡᠪᠴᠢᠶᠡᠨ ᠳᠤ ᠵᠣᠭᠰᠣᠭᠠᠬᠤ ᠪᠠᠷ ᠴᠢᠷᠮᠠᠶᠢᠵᠤ᠂ ᠬᠡᠪᠴᠢᠶᠡᠲᠦ ᠬᠢᠵᠢᠭ ᠤᠨ ᠪᠠᠶᠢᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃      ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠥᠨᠳᠥᠷ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ ᠪᠠ ᠠᠳᠠᠯᠢ ᠪᠤᠰᠤ ᠲᠦᠭᠰᠢᠭᠦᠷᠢᠲᠦ ᠣᠷᠣᠨ ᠪᠦᠰᠡ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ︖      ᠥᠩᠭᠡᠷᠡᠭᠰᠡᠨ ᠤ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠲᠤᠬᠠᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠲᠤ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ ᠴᠢᠬᠤᠯᠠᠲᠠᠢ ᠪᠠᠶᠢᠵᠤ᠂ ᠪᠤᠰᠤᠳ ᠭᠠᠵᠠᠷ ᠣᠷᠣᠨ ᠤ ᠣᠷᠣᠵᠤ ᠢᠷᠡᠵᠦ ᠮᠡᠳᠡᠬᠦ ᠲᠦᠭᠰᠢᠭᠦᠷᠢᠲᠦ ᠬᠥᠮᠥᠰ ᠢ ᠴᠠᠭ ᠲᠤᠬᠠᠢ ᠲᠤ ᠨᠢ ᠵᠢᠭᠰᠠᠭᠠᠨ ᠪᠠᠶᠢᠴᠠᠭᠠᠬᠤ ᠳᠤ ᠲᠥᠬᠦᠮ ᠦᠵᠡᠭᠦᠯᠵᠦ ᠪᠠᠶᠢᠪᠠ︔ ᠡᠭᠦᠨ ᠤ ᠬᠠᠮᠲᠤ ᠪᠠᠰᠠ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠪᠠ ᠰᠡᠷᠭᠡᠶᠢᠯᠡᠯᠲᠡ ᠶᠢᠨ ᠣᠷᠣᠨ ᠢ ᠵᠠᠭᠠᠭᠯᠠᠨ ᠲᠣᠭᠲᠠᠭᠠᠵᠤ᠂ ᠲᠤᠬᠠᠢ ᠶᠢᠨ ᠭᠠᠵᠠᠷ ᠤᠨ ᠬᠢᠵᠢᠭ ᠤᠨ ᠬᠠᠯᠳᠠᠪᠤᠷᠢᠯᠠᠯ ᠢ ᠲᠦᠷᠭᠡᠨ ᠰᠢᠢᠳᠪᠦᠷᠢᠯᠡᠬᠦ ᠳᠤ ᠲᠥᠬᠦᠮ ᠦᠵᠡᠭᠦᠯᠵᠦ ᠪᠠᠶᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠢ ᠠᠵᠢᠯᠯᠠᠭ᠎ᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠬᠤᠶᠠᠷ ᠢᠵᠢ ᠲᠦᠭᠰᠢᠭᠦᠷᠢ ᠶᠢᠨ ᠣᠷᠣᠨ ᠪᠦᠰᠡ ᠶᠢ ᠵᠠᠭᠠᠭᠯᠠᠨ ᠲᠣᠭᠲᠠᠭᠠᠬᠤ ᠠᠵᠢᠯ ᠤᠨ ᠳᠤᠮᠳᠠ ᠢᠯᠡᠷᠡᠭᠰᠡᠨ ᠵᠠᠷᠢᠮ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠤ ᠬᠤᠶᠠᠷ ᠢᠵᠢ ᠲᠦᠭᠰᠢᠭᠦᠷᠢ ᠶᠢᠨ ᠣᠷᠣᠨ ᠪᠦᠰᠡ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠭᠤᠯᠤᠨ ᠵᠣᠬᠢᠴᠠᠭᠤᠯᠵᠤ᠂ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠬᠠᠭᠳᠠᠬᠤᠨ ᠢ ᠨᠢᠭᠡᠳᠦᠯᠲᠡᠢ ᠬᠡᠷᠡᠭᠯᠡᠨ᠂ ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ ᠪᠣᠯᠭᠠᠪᠠ᠃      ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠯ ᠢ ᠬᠢᠵᠢᠭ ᠤᠨ ᠪᠠᠶᠢᠳᠠᠯ ᠭᠠᠷᠤᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠳᠣᠲᠣᠷ᠎ᠠ ᠬᠤᠪᠢᠶᠠᠷᠢᠯᠠᠨ᠎ᠠ᠃ ᠬᠢᠵᠢᠭ ᠤᠨ ᠪᠠᠶᠢᠳᠠᠯ ᠭᠠᠷᠤᠭᠰᠠᠨ ᠦᠭᠡᠢ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠣᠷᠣᠨ ᠪᠦᠰᠡ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ᠂ ᠰᠢᠯᠵᠢᠨ ᠣᠴᠢᠭᠰᠠᠨ ᠭᠠᠵᠠᠷ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ︔ ᠣᠷᠣᠨ ᠪᠦᠰᠡ ᠠᠯᠤᠰᠯᠠᠵᠤ ᠭᠠᠳᠠᠭᠰᠢ ᠭᠠᠷᠤᠭᠰᠠᠨ ᠳᠤᠮᠳᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ 7 ᠡᠳᠦᠷ ᠤᠨ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠡ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠴᠢᠬᠤᠯᠠ ᠦᠭᠡᠢ᠂ ᠭᠡᠪᠡᠴᠦ 3 ᠡᠳᠦᠷ ᠤᠨ ᠳᠣᠲᠣᠷ᠎ᠠ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠪᠡᠶᠡᠯᠡᠭᠦᠯᠬᠦ ᠶᠢᠨ ᠬᠠᠮᠲᠤ ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃      ᠬᠢᠵᠢᠭ ᠤᠨ ᠪᠠᠶᠢᠳᠠᠯ ᠭᠠᠷᠤᠭᠰᠠᠨ ᠦᠭᠡᠢ ᠭᠠᠵᠠᠷ ᠣᠷᠣᠨ ᠨᠢ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠬᠠᠷᠢᠶᠠᠯᠠᠭᠳᠠᠨ᠎ᠠ ᠦᠦ︖ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠭᠠᠳᠠᠭᠰᠢ ᠭᠠᠷᠬᠤ ᠳᠤ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠬᠤ ᠬᠡᠷᠡᠭᠲᠡᠢ ᠦᠦ︖      ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ  ᠨᠢ ᠥᠨᠳᠥᠷ ᠳᠤᠮᠳᠠ ᠳᠡᠰ ᠤᠨ ᠲᠦᠭᠰᠢᠭᠦᠷᠢᠲᠦ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠢ ᠵᠢᠭᠠᠵᠤ ᠪᠣᠶ᠃ ᠥᠨᠳᠥᠷ ᠳᠤᠮᠳᠠ ᠳᠡᠰ ᠤᠨ ᠲᠦᠭᠰᠢᠭᠦᠷᠢᠲᠦ ᠣᠷᠣᠨ ᠠᠴᠠ ᠲᠦᠭᠰᠢᠭᠦᠷᠢ ᠶᠢᠨ ᠬᠡᠮᠵᠢᠶ᠎ᠡ ᠳᠣᠣᠷ᠎ᠠ ᠪᠣᠯᠪᠠᠴᠤ ᠬᠢᠵᠢᠭ ᠤᠨ ᠪᠠᠶᠢᠳᠠᠯ ᠦᠭᠡᠢ ᠰᠢᠶᠠᠨ ︵ᠬᠤᠲᠠ᠂ ᠲᠣᠭᠤᠷᠢᠭ᠂ ᠬᠤᠰᠢᠭᠤ︶ ᠲᠠᠢ ᠬᠠᠷᠢᠴᠠᠭᠤᠯᠪᠠᠯ ᠵᠣᠬᠢᠬᠤ ᠬᠡᠮᠵᠢᠶᠡᠨ ᠤ ᠲᠦᠭᠰᠢᠭᠦᠷᠢ ᠲᠠᠢ ᠪᠠᠶᠢᠳᠠᠭ᠃ ᠬᠢᠵᠢᠭ ᠤᠨ ᠪᠠᠶᠢᠳᠠᠯ ᠭᠠᠷᠤᠭᠰᠠᠨ ᠦᠭᠡᠢ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠣᠷᠣᠨ ᠪᠦᠰᠡ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠪᠠᠶᠢᠭ᠎ᠠ ᠭᠠᠵᠠᠷ ᠣᠷᠣᠨ ᠪᠤᠶᠤ ᠬᠤᠲᠠ ᠠᠴᠠ ᠪᠠᠨ ᠰᠠᠯᠪᠠᠯ ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠬᠤ ᠬᠡᠷᠡᠭᠲᠡᠢ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ ᠰᠠᠨᠠᠭᠤᠯᠬᠤ ᠨᠢ᠂ ᠣᠷᠣᠨ ᠪᠦᠰᠡ ᠠᠯᠤᠰᠯᠠᠨ ᠰᠢᠯᠵᠢᠬᠦ ᠦᠶ᠎ᠡ ᠳᠤ᠂ ᠵᠣᠷᠢᠭᠰᠠᠨ ᠭᠠᠵᠠᠷ ᠲᠤ ᠪᠠᠨ ᠬᠦᠷᠦᠭᠰᠡᠨ ᠤ ᠳᠠᠷᠠᠭ᠎ᠠ ᠴᠠᠭ ᠲᠤᠬᠠᠢ ᠳᠤ ᠨᠢ ᠰᠠᠭᠤᠭ᠎ᠠ ᠨᠡᠶᠢᠭᠡᠮ ᠲᠣᠭᠤᠷᠢᠭ ᠪᠤᠶᠤ ᠵᠣᠴᠢᠳ ᠤᠨ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠭᠤᠷᠪᠠᠨ ᠡᠳᠦᠷ ᠤᠨ ᠳᠣᠲᠣᠷ᠎ᠠ ᠬᠤᠶᠠᠷ ᠤᠳᠠᠭᠠᠨ ᠤ ᠪᠠᠶᠢᠴᠠᠭᠠᠯᠲᠠ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠣᠷᠣᠯᠴᠠᠵᠤ᠂ ᠥᠪᠡᠷ ᠪᠤᠰᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃      ᠲᠦᠭᠰᠢᠭᠦᠷᠢ ᠲᠠᠢ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠪᠣᠯ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠪᠠᠶᠢᠭ᠎ᠠ ᠶᠠᠪᠤᠳᠠᠯ ᠮᠥᠨ ᠪᠣᠯᠬᠤᠷ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ ᠶᠤᠮ      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2022 ᠣᠨ ᠤ 4 ︱ 5 ᠳ᠋ᠤᠭᠠᠷ ᠰᠠᠷ᠎ᠠ ᠶᠢᠨ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠥᠬᠦ ᠤᠯᠤᠰ ᠲᠤ ᠬᠢᠯᠢ ᠪᠠᠷ ᠣᠷᠣᠵᠤ ᠢᠷᠡᠬᠦ 7 ᠬᠤᠲᠠ ᠶᠢ ᠰᠣᠩᠭᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠷᠰᠢᠯᠲᠠ ᠶᠢᠨ ᠰᠤᠳᠤᠯᠭᠠᠨ ᠤ ᠠᠵᠢᠯ ᠢ ᠥᠷᠨᠢᠭᠦᠯᠪᠡ᠃ ᠡᠭᠦᠨ ᠤ ᠭᠤᠣᠯ ᠠᠭᠤᠯᠭ᠎ᠠ ᠨᠢ ᠬᠢᠯᠢ ᠪᠠᠷ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ᠂ ᠪᠢᠲᠡᠭᠦᠮᠵᠢᠯᠡᠨ ᠡᠵᠡᠮᠳᠡᠬᠦ ᠣᠷᠣᠨ ᠪᠠ ᠬᠠᠮᠢᠶᠠᠷᠤᠨ ᠡᠵᠡᠮᠳᠡᠬᠦ ᠣᠷᠣᠨ ᠤ ᠳᠣᠲᠣᠷᠠᠬᠢ ᠬᠥᠮᠥᠰ᠂ ᠲᠦᠭᠰᠢᠭᠦᠷᠢ ᠶᠡᠬᠡᠲᠡᠢ ᠠᠵᠢᠯ ᠤᠨ ᠪᠠᠶᠢᠷᠢ ᠶᠢᠨ ᠠᠵᠢᠯᠯᠠᠭᠰᠠᠳ ᠢ ᠠᠵᠢᠭᠯᠠᠬᠤ ᠪᠠ ᠭᠡᠷᠡᠴᠢᠯᠡᠬᠦ ᠵᠡᠷᠭᠡ ᠳᠥᠷᠪᠡᠨ ᠲᠥᠷᠥᠯ ᠤᠨ ᠲᠦᠭᠰᠢᠭᠦᠷᠢ ᠲᠠᠢ ᠬᠥᠮᠥᠰ ᠤᠨ ᠠᠷᠭ᠎ᠠ ᠴᠢᠨᠠᠷ ᠤᠨ ᠪᠠᠶᠢᠴᠠᠭᠠᠯᠲᠠ ᠶᠢᠨ ᠪᠠᠶᠢᠳᠠᠯ ᠪᠠ ᠠᠷᠭ᠎ᠠ ᠵᠠᠮ ᠤᠨ ᠬᠤᠪᠢᠷᠠᠯᠲᠠ ᠶᠢᠨ ᠴᠠᠭ ᠤᠨ ᠣᠨᠴᠠᠯᠢᠭ ᠪᠣᠯᠣᠨ᠎ᠠ᠃      ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ ᠨᠢᠭᠤᠭᠳᠠᠮᠠᠯ ᠬᠤᠭᠤᠴᠠᠭ᠎ᠠ ᠨᠢ ᠣᠬᠤᠷ ᠪᠠᠶᠢᠵᠤ᠂ ᠣᠯᠠᠩᠬᠢ ᠳᠤ ᠪᠠᠨ 2 ︱ 4 ᠡᠳᠦᠷ ᠪᠠᠶᠢᠳᠠᠭ︔ ᠣᠯᠠᠩᠬᠢ ᠬᠠᠯᠳᠠᠪᠤᠷᠢᠯᠠᠭᠰᠠᠳ ᠢ 7 ᠡᠳᠦᠷ ᠤᠨ ᠳᠣᠲᠣᠷ᠎ᠠ ᠪᠠᠶᠢᠴᠠᠭᠠᠨ ᠭᠠᠷᠭᠠᠵᠤ ᠳᠡᠶᠢᠯᠳᠡᠭ᠃ ᠲᠡᠭᠡᠪᠡᠯ᠂ ᠨᠢᠭᠲᠠ ᠣᠶᠢᠷᠠᠲᠤᠭᠰᠠᠳ᠂ ᠬᠢᠯᠢ ᠪᠠᠷ ᠣᠷᠣᠵᠤ ᠢᠷᠡᠭᠰᠡᠳ ᠢ ᠲᠤᠰᠠᠭᠠᠷᠯᠠᠵᠤ᠂ ᠬᠠᠮᠢᠶᠠᠷᠤᠨ ᠡᠵᠡᠮᠳᠡᠬᠦ ᠴᠠᠭ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠪᠠᠶᠢᠭᠰᠠᠨ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠪᠣᠯᠭᠠᠨ ᠲᠣᠬᠢᠷᠠᠭᠤᠯᠪᠠ︔ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠭᠥᠯᠢᠶᠡᠨ ᠠᠪᠴᠤ ᠡᠵᠡᠮᠳᠡᠬᠦ ᠠᠷᠭ᠎ᠠ ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠠᠶᠢᠭᠰᠠᠨ ᠠᠴᠠ ︽7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠣᠯᠭᠠᠨ ᠲᠣᠬᠢᠷᠠᠭᠤᠯᠪᠠ᠃ ᠡᠶᠢᠮᠦᠷᠬᠦ ᠲᠣᠬᠢᠷᠠᠭᠤᠯᠤᠯᠲᠠ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠳᠡᠯᠭᠡᠷᠡᠯᠲᠡ ᠶᠢᠨ ᠣᠨᠴᠠᠯᠢᠭ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ ᠪᠠᠶᠢᠵᠤ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠭᠰᠡᠨ ᠤ ᠢᠯᠡᠷᠡᠯ ᠮᠥᠨ᠃      ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠡᠳᠡᠭᠡᠷ ᠨᠥᠬᠦᠴᠡᠯ ᠢ ᠬᠠᠩᠭᠠᠪᠠᠯ ᠪᠦᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠ ᠦᠭᠡᠢ      ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠠᠬᠢ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ᠂ ᠠᠳᠠᠯᠢ ᠪᠤᠰᠤ ᠪᠠᠶᠢᠳᠠᠯ ᠳᠣᠣᠷᠠᠬᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭᠠᠬᠢ ᠪᠠ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠯ ᠳᠣᠣᠷᠠᠬᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠲᠣᠳᠣᠷᠬᠠᠢ ᠲᠣᠭᠲᠠᠭᠠᠵᠠᠢ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠡᠷᠪᠡ ᠳᠠᠬᠤᠯ ᠡᠪᠡᠳᠴᠢᠨ ᠤ ᠰᠤᠳᠤᠯᠤᠯᠲᠠ ᠪᠠᠷ ᠳᠡᠮᠵᠢᠨ ᠳᠣᠣᠷᠠᠬᠢ ᠨᠥᠬᠦᠴᠡᠯ ᠤᠳ ᠢ ᠬᠠᠩᠭᠠᠪᠠᠯ᠄ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ︔ ᠬᠠᠯᠳᠠᠪᠤᠷᠢᠯᠠᠯ ᠤᠨ ᠬᠡᠯᠬᠢᠶ᠎ᠡ ᠲᠣᠳᠣᠷᠬᠠᠢ︔ ᠨᠡᠶᠢᠭᠡᠮ ᠲᠣᠭᠤᠷᠢᠭ ᠢᠶᠠᠷ ᠤᠯᠠᠮᠵᠢᠯᠠᠨ ᠲᠠᠷᠬᠠᠭᠠᠭᠰᠠᠨ ᠦᠭᠡᠢ ᠪᠠᠶᠢᠪᠠᠯ᠂ ᠬᠢᠵᠢᠭ ᠤᠨ ᠪᠠᠶᠢᠳᠠᠯ ᠡᠭᠦᠰᠦᠭᠰᠡᠨ ᠣᠷᠣᠨ ᠳᠤ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠴᠢᠬᠤᠯᠠ ᠦᠭᠡᠢ᠂ ᠲᠦᠭᠰᠢᠭᠦᠷᠢᠲᠦ ᠣᠷᠣᠨ ᠪᠦᠰᠡ ᠪᠣᠯᠣᠨ ᠴᠠᠭ ᠬᠤᠭᠤᠴᠠᠭ᠎ᠠ ᠪᠠ ᠣᠷᠣᠨ ᠵᠠᠢ ᠳᠠᠪᠬᠤᠴᠠᠭᠰᠠᠨ ᠬᠥᠮᠥᠰ ᠲᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠢ᠃      ᠬᠡᠷᠪᠡ ᠬᠠᠯᠳᠠᠪᠤᠷᠢᠲᠤ ᠡᠪᠡᠳᠴᠢᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠠᠯᠳᠠᠪᠤᠷᠢᠯᠠᠯ ᠤᠨ ᠬᠡᠯᠬᠢᠶ᠎ᠡ ᠲᠣᠳᠣᠷᠬᠠᠢ ᠦᠭᠡᠢ᠂ ᠲᠦᠭᠰᠢᠭᠦᠷᠢᠲᠦ ᠲᠠᠯᠠᠪᠤᠷ ᠭᠠᠵᠠᠷ ᠪᠠ ᠲᠦᠭᠰᠢᠭᠦᠷᠢᠲᠦ ᠬᠦᠮᠦᠰ ᠣᠯᠠᠨ᠂ ᠲᠦᠭᠰᠢᠭᠦᠷᠢᠲᠦ ᠬᠦᠮᠦᠰ ᠤᠨ ᠰᠢᠯᠵᠢᠮᠡᠯ ᠴᠢᠨᠠᠷ ᠶᠡᠭᠡ᠂ ᠬᠢᠵᠢᠭ ᠤᠨ ᠪᠠᠶᠢᠳᠠᠯ ᠳᠤ ᠲᠠᠷᠬᠠᠬᠤ ᠲᠦᠭᠰᠢᠭᠦᠷᠢ ᠣᠷᠣᠰᠢᠵᠤ ᠪᠠᠶᠢᠪᠠᠯ᠂ ᠣᠷᠣᠨ ᠪᠦᠰᠡ ᠶᠢᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃      ᠣᠮᠢᠺᠷᠦᠨ ᠣᠨᠳᠣᠣᠰᠢᠭᠰᠠᠨ ᠸᠢᠷᠦ᠋ᠰ BA.4 ᠪᠠ BA.5 ᠳᠡᠳ᠋ ᠰᠠᠯᠪᠤᠷᠢ ᠶᠢᠨ ᠲᠠᠷᠬᠠᠬᠤ ᠴᠢᠳᠠᠪᠤᠷᠢ ᠪᠠ ᠡᠪᠡᠳᠴᠢᠯᠡᠭᠦᠯᠬᠦ ᠴᠢᠳᠠᠪᠤᠷᠢ ᠨᠢ ᠶᠠᠮᠠᠷ ᠵᠡᠷᠭᠡ ᠪᠤᠢ      BA.4᠂ BA.5 ᠳᠡᠳ᠋ ᠰᠠᠯᠪᠤᠷᠢ ᠶᠢᠨ ᠲᠠᠷᠬᠠᠬᠤ ᠴᠢᠳᠠᠪᠤᠷᠢ ᠨᠢ ᠪᠤᠰᠤᠳ ᠤᠮᠢᠺᠷᠤᠨ ᠤ ᠣᠨᠳᠣᠣᠰᠢᠭᠰᠠᠨ ᠸᠢᠷᠦ᠋ᠰ ᠠᠴᠠ ᠵᠢᠭᠠᠬᠠᠨ ᠨᠡᠮᠡᠭᠳᠡᠵᠦ᠂ BA.4᠂ BA.5 ᠳᠡᠳ᠋ ᠰᠠᠯᠪᠤᠷᠢ ᠶᠢᠨ ᠡᠪᠡᠳᠴᠢᠯᠡᠭᠦᠯᠬᠦ ᠴᠢᠳᠠᠪᠤᠷᠢ ᠨᠢ ᠶᠡᠷᠦᠩᠬᠡᠢ ᠳᠤ ᠪᠠᠨ ᠪᠤᠰᠤᠳ ᠤᠮᠢᠺᠷᠤᠨ ᠤ ᠣᠨᠳᠣᠣᠰᠢᠭᠰᠠᠨ ᠸᠢᠷᠦ᠋ᠰ ᠲᠠᠢ ᠠᠳᠠᠯᠢᠪᠲᠤᠷ ᠪᠠᠶᠢᠳᠠᠭ᠃ ᠭᠡᠪᠡᠴᠦ ᠨᠠᠰᠤᠲᠠᠶᠢᠴᠤᠳ ᠤᠨ ᠳᠤᠮᠳᠠ ᠲᠦᠷᠭᠡᠨ ᠢᠶᠠᠷ ᠲᠠᠷᠬᠠᠬᠤ ᠪᠣᠯᠵᠤ᠂ ᠨᠢᠭᠡᠨᠲᠡ ᠬᠦᠨᠳᠦ ᠡᠪᠡᠳᠴᠢᠨ ᠤ ᠵᠢᠱᠢᠶ᠎ᠡ ᠶᠢ ᠡᠭᠦᠰᠬᠡᠵᠡᠢ ᠂ ᠳᠠᠬᠤᠯ ᠡᠪᠡᠳᠴᠢᠨ ᠤ ᠰᠤᠳᠤᠯᠤᠯᠲᠠ ᠶᠢᠨ ᠲᠣᠭᠠᠨ ᠤ ᠤᠬᠠᠭᠠᠨ ᠤ ᠵᠠᠭᠪᠤᠷ ᠤᠨ ᠰᠤᠳᠤᠯᠭᠠᠨ ᠳᠤ ᠢᠯᠡᠷᠡᠭᠦᠯᠦᠭᠰᠡᠨ ᠢᠶᠠᠷ BA.4᠂ BA.5 ᠳᠡᠳ᠋ ᠰᠠᠯᠪᠤᠷᠢ ᠠᠴᠠ ᠪᠣᠯᠤᠭᠰᠠᠨ ᠬᠠᠯᠳᠠᠪᠤᠷᠢᠯᠠᠬᠤ ᠨᠣᠷᠮ᠎ᠠ ᠪᠠ ᠦᠬᠦᠬᠦ ᠨᠣᠷᠮ᠎ᠠ ᠨᠢ ᠴᠥᠮ ᠡᠳᠦᠢ ᠲᠡᠳᠦᠢ ᠨᠡᠮᠡᠭᠳᠡᠪᠡ᠃      ᠬᠡᠳᠦᠶᠢᠪᠡᠷ BA.4᠂ BA.5 ᠳᠡᠳ᠋ ᠰᠠᠯᠪᠤᠷᠢ ᠶᠢᠨ ᠲᠠᠷᠬᠠᠬᠤ ᠴᠢᠳᠠᠪᠤᠷᠢ ᠨᠢ ᠡᠳᠦᠢ ᠲᠡᠳᠦᠢ ᠨᠡᠮᠡᠭᠳᠡᠭᠰᠡᠨ ᠪᠣᠯᠪᠠᠴᠤ ᠮᠥᠨ ᠬᠦ ᠣᠮᠢᠺᠷᠦᠨ ᠤ ᠣᠨᠳᠣᠣᠰᠢᠭᠰᠠᠨ ᠸᠢᠷᠦ᠋ᠰ ᠲᠤ ᠲᠣᠭᠠᠴᠠᠭᠳᠠᠵᠤ᠂ ᠣᠳᠣᠬᠠᠨ ᠤ NPI ︵ᠡᠮ ᠤᠨ ᠪᠤᠰᠤ ᠵᠦᠢᠯ ᠢᠶᠠᠷ ᠭᠠᠷ ᠲᠦᠷᠦᠭᠦ︶ ᠠᠷᠭ᠎ᠠ ᠬᠡᠮᠵᠢᠶ᠎ᠡ ᠨᠢ ᠬᠦᠴᠦᠨ ᠦᠭᠡᠢ ᠪᠣᠯᠣᠨ᠎ᠠ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ ᠦᠭᠡᠢ ᠪᠠᠶᠢᠨ᠎ᠠ᠃ ᠥᠭᠡᠷ᠎ᠡ ᠪᠠᠷ ᠬᠡᠯᠡᠪᠡᠯ᠂ ᠮᠠᠨ ᠤ ᠤᠯᠤᠰ ᠤᠨ ᠣᠲᠣ ᠶᠢᠨ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠮᠥᠨ ᠬᠦ ᠪᠦᠲᠦᠮᠵᠢᠲᠡᠶ ᠠᠷᠭᠠᠴᠠᠭᠠᠵᠤ ᠴᠢᠳᠠᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号