ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2022/7/29
                     ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ                       2022 ᠣᠨ ᠤ 5 ᠳ᠋ᠤᠭᠠᠷ ᠰᠠᠷ᠎ᠠ ᠶᠢᠨ 7 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ ᠄      ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ ᠴᠡᠷᠢᠭ ᠠᠷᠠᠳ ᠬᠠᠮᠳᠤᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ  ᠴᠢᠳᠠᠮᠵᠢ ᠶᠢ ᠴᠢᠩᠭᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠬᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 79 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠄      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠪᠠ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ︽ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ᠂ ᠭᠤᠣᠯᠳᠠᠯᠭ᠎ᠠ ᠶᠢ ᠳᠣᠪᠤᠶᠢᠯᠭᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠯᠠᠪᠳᠠᠭᠤᠨ ᠢᠶᠠᠷ ᠠᠬᠢᠭᠤᠯᠬᠤ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠪᠣᠬᠢᠷᠲᠤᠯ ᠦᠭᠡᠶ ᠪᠠᠷ ᠬᠥᠭᠵᠢᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠴᠢᠮ ᠢ ᠪᠠᠷᠢᠮᠲᠠᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ  ᠪᠠᠷᠢᠯᠭ᠎ᠠ ᠶᠢᠨ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ  ᠭᠠᠵᠠᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠲᠡᠢ ᠠᠬᠢᠭᠤᠯᠵᠤ᠂ ᠠᠷᠠᠳ ᠤᠨ ᠠᠮᠢᠳᠤᠷᠠᠯ ᠪᠠ ᠲᠡᠶᠢᠨ ᠳᠤ ᠪᠡᠯᠡᠳᠬᠡᠬᠦ ᠶᠢ ᠬᠠᠮᠲᠤ ᠳᠤᠨᠢ ᠬᠠᠷᠠᠭᠠᠯᠵᠠᠬᠤ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠨ ᠬᠤᠶᠠᠷ ᠲᠠᠯ᠎ᠠ ᠶᠢᠨ ᠠᠰᠢᠭ ᠭᠥᠷᠳᠡᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃      ᠬᠤᠶᠠᠷ᠂ ᠭᠤᠣᠯ ᠬᠠᠷᠠᠯᠲᠠ      ︽ᠭᠤᠷᠪᠠᠨ ᠬᠤᠲᠠ︾ ᠶᠢ ᠴᠢᠷᠮᠠᠶᠢᠨ ᠡᠭᠦᠳᠦᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ ᠴᠣᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠴᠠᠭᠠᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠪᠤᠶᠢᠵᠢᠭᠤᠯᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠵᠤ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠪᠠᠷ ᠭᠠᠷᠳᠠᠬᠤ ᠴᠡᠭ ᠪᠣᠯᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠨᠢᠭᠡ ᠪᠦᠯᠦᠭ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠡᠷᠭᠢᠨ ᠲᠣᠭᠤᠷᠢᠨ ᠤ ᠲᠡᠷᠭᠡ  ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ ᠬᠠᠷᠢᠯᠴᠠᠭᠠᠨ ᠤ ᠲᠦᠭᠵᠢᠷᠡᠯ᠂  ᠬᠦᠮᠦᠨ ᠬᠠᠷ᠎ᠠ ᠳᠠᠯᠳᠠᠯᠠᠬᠤ ᠪᠠᠷᠢᠯᠭ᠎ᠠ ᠶᠢᠨ ᠬᠤᠪᠢ ᠶᠢᠨ ᠵᠢᠩ ᠨᠡᠯᠢᠶᠡᠳ ᠳᠣᠣᠷ᠎ᠠ ᠪᠠᠶᠢᠬᠤ᠂ ᠡᠮᠴᠢᠯᠡᠭᠡ ᠶᠢᠨ ᠠᠪᠤᠷᠠᠨ ᠲᠤᠰᠠᠯᠠᠬᠤ ᠪᠠᠷᠢᠯᠭ᠎ᠠ ᠳᠤᠲᠠᠭᠳᠠᠵᠤ ᠪᠠᠶᠢᠭ᠎ᠠ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠭᠠᠵᠠᠷ ᠳᠣᠤᠷᠠᠬᠢ ᠣᠷᠣᠨ ᠵᠠᠶ ᠶᠢ ᠬᠠᠮᠲᠤ ᠳᠤᠨᠢ ᠬᠠᠷᠠᠭᠠᠯᠵᠠᠬᠤ ᠶᠢ ᠪᠡᠶᠡᠯᠡᠭᠦᠯᠵᠦ᠂ ᠰᠡᠷᠭᠡᠶᠢᠯᠡᠯᠲᠡ ᠪᠠᠶᠢᠷᠢᠯᠠᠭᠤᠯᠬᠤ ᠪᠠᠷᠢᠯᠭ᠎ᠠ ᠨᠢ ᠲᠡᠶᠢᠨ ᠤ ᠦᠶ᠎ᠡ ᠶᠢᠨ ᠴᠢᠳᠠᠮᠵᠢ ᠶᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠯᠦᠭᠡ ᠬᠠᠷᠢᠯᠴᠠᠨ ᠤᠶᠠᠯᠳᠤᠭᠤᠯᠬᠤ ᠶᠢ ᠪᠠᠲᠤᠯᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ      ︵ᠨᠢᠭᠡ︶ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠲᠥᠯᠥᠪᠯᠡᠭᠡ ᠶᠢ ᠰᠠᠶᠢᠲᠤᠷ ᠠᠳᠬᠤᠨ᠎ᠠ᠃ ︽ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠶᠢᠭᠤᠯᠬᠤ ᠪᠠᠷ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠵᠤ᠂ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠤᠲᠠ ᠶᠢᠨ ᠪᠥᠲᠥᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠬᠤ ᠶᠢ ᠭᠤᠤᠯᠳᠠᠯᠭ᠎ᠠ ᠲᠠᠢ ᠬᠥᠲᠥᠯᠦᠨ ᠵᠢᠯᠣᠭᠤᠳᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠤᠯᠪᠤᠯᠳᠤᠨ ᠨᠡᠪᠲᠡᠷᠡᠯᠴᠡᠬᠦ᠂ ᠭᠤᠤᠯᠳᠠᠯᠭ᠎ᠠ ᠲᠠᠢ ᠣᠷᠣᠨ ᠪᠦᠰᠡ ᠶᠢᠨ ᠲᠠᠷᠬᠠᠭᠠᠨ ᠳᠠᠯᠳᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠡᠷᠭᠡ ᠳᠤᠲᠠᠭᠤᠳᠠᠯ ᠢ ᠨᠥᠬᠦᠪᠦᠷᠢᠯᠡᠬᠦ ᠪᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠠᠬᠢᠭᠤᠯᠬᠤ ᠬᠡᠷᠡᠭᠲᠡᠢ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ ᠢᠷᠡᠯᠲᠡ ᠶᠢ ᠪᠠᠲᠤᠯᠠᠨ᠎ᠠ᠃ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠲᠣᠭᠤᠷᠢᠭ ᠤᠨ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠠᠷᠢᠭᠤᠴᠯᠠᠭ᠎ᠠ ᠶᠢᠨ ᠭᠤᠣᠯ ᠴᠣᠭᠴᠠ ᠪᠣᠯᠣᠨ᠎ᠠ᠂ ᠬᠤᠳᠠ ᠶᠢᠨ ᠡᠪᠳᠡᠯᠡᠭᠡ ᠶᠢ ᠳᠠᠭᠠᠭᠠᠬᠤ ᠶᠡᠷᠦᠩᠬᠡᠶ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠲᠠᠯ᠎ᠠ ᠠᠴᠠ ᠪᠣᠳᠣᠯᠬᠢᠯᠠᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠥᠨᠳᠥᠷ ᠪᠦᠲᠦᠮᠵᠢᠲᠡᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠳᠠᠯᠢ ᠱᠠᠲᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠤᠨ ᠲᠥᠰᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠯᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠲᠤᠯᠠᠬᠤ ᠬᠡᠷᠡᠭᠲᠡᠶ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠲᠦᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      ︵ᠭᠤᠷᠪᠠ︶ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠡᠷᠢᠭᠦᠨ ᠤ ᠤᠨᠤᠯᠵᠢᠬᠤᠨ ᠪᠣᠯᠤᠨ ᠰᠢᠨ᠎ᠡ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠠᠪᠴᠢᠷᠠᠵᠤ᠂ ᠰᠢᠩᠭᠡᠭᠡᠨ ᠠᠪᠴᠤ᠂ ᠠᠷᠠᠳ ᠤᠨ ᠠᠭᠠᠷ  ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠠᠶᠢᠨ ᠤ ᠦᠶ᠎ᠡ ᠶᠢᠨ ᠴᠢᠳᠠᠮᠵᠢ᠂ ᠰᠡᠷᠭᠡᠶᠢᠯᠡᠨ ᠬᠠᠮᠠᠭᠠᠯᠠᠬᠤ ᠲᠡᠰ᠂ ᠡᠩ  ᠤᠨ ᠦᠶ᠎ᠡ ᠪᠠ ᠲᠠᠶᠢᠨ ᠤ ᠦᠶ᠎ᠡ ᠶᠢᠨ ᠰᠣᠯᠢᠭᠳᠠᠯ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠬᠢᠭᠡᠳ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠪᠠ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ︵ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠣᠷᠣᠯᠠᠨ ᠪᠠᠶᠢᠭᠤᠯᠬᠤ ᠨᠢᠭᠡᠴᠡ ᠠᠴᠠ ᠬᠠᠷᠢᠭᠤᠴᠠᠨ᠎ᠠ︶      ︵ᠲᠥᠷᠪᠡ︶ ᠪᠥᠳᠥᠭᠡᠨ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠥᠳᠥᠭᠡᠨ ᠪᠠᠶᠢᠭᠤᠯᠬᠤ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠳᠤ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠮᠢᠶᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠲᠠᠰ ᠳᠠᠷᠠᠭᠠᠯᠠᠯ ᠨᠢ ᠵᠢᠷᠤᠮᠵᠢᠭᠤᠨ᠂ ᠶᠠᠰᠤ ᠴᠢᠨᠠᠷ ᠨᠢ ᠡᠵᠡᠮᠳᠡᠵᠦ ᠪᠣᠯᠬᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠨᠢᠭᠤᠴᠠ ᠳᠤ ᠬᠤᠯᠪᠣᠭᠳᠠᠭᠰᠠᠨ ᠠᠴᠠ ᠪᠣᠯᠵᠣ ᠢᠯᠡ ᠪᠠᠷ ᠳᠠᠭᠠᠭᠠᠴᠢᠯᠠᠯᠲᠠ ᠵᠠᠷᠯᠠᠬᠤ ᠳᠤ ᠳᠣᠭᠢᠷᠠᠬᠤ ᠥᠬᠡᠶ ᠪᠠᠷᠢᠯᠭ᠎ᠠ ᠶᠢᠨ ᠲᠥᠷᠥᠯ ᠵᠦᠢᠯ ᠳᠤ ᠪᠣᠯ᠂ ᠳᠠᠭᠠᠭᠠᠴᠢᠯᠠᠨ ᠪᠠᠶᠢᠭᠤᠯᠬᠤ ᠨᠢᠭᠡᠴᠡ ᠠᠴᠠ  ᠬᠠᠷᠢᠭᠤᠴᠠᠵᠤ ᠪᠠᠶᠢᠭᠠᠳ ᠤᠷᠢᠵᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠲᠤᠭᠲᠠᠭᠠᠵᠤ᠂ ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ ᠬᠠᠶᠢᠨ ᠪᠠᠶᠢᠴᠠᠭᠠᠬᠤ ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠵᠡᠷᠭᠡ ᠪᠥᠬᠦ ᠶᠠᠪᠤᠴᠠ ᠶᠢ ᠪᠡᠶᠡᠯᠡᠭᠦᠯᠬᠦ ᠬᠡᠷᠡᠭᠲᠡᠶ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ᠂ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      ︵ᠲᠠᠪᠤ︶ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠡᠨ ᠬᠡᠷᠡᠭᠯᠡᠪᠡᠯ ᠲᠡᠷᠡ ᠬᠠᠮᠠᠭᠠᠯᠠᠬᠤ︾ ᠵᠠᠷᠴᠢᠮ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠳᠦᠷ ᠲᠤᠳᠤᠮ ᠤᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢ ᠬᠡᠷᠡᠭᠯᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠬᠦ ᠶᠢ ᠰᠢᠮᠳᠠᠭᠤᠯᠬᠤ ᠬᠡᠷᠡᠭᠲᠡᠶ᠃ ᠥᠪᠡᠷ ᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠦᠷᠢᠶᠡᠰᠦᠯᠡᠭᠦᠯᠬᠦ ᠵᠠᠷᠴᠢᠮ᠂ ᠬᠢᠨᠠᠨ ᠵᠥᠪᠰᠢᠶᠡᠷᠡᠬᠦ ᠡᠷᠬᠡ ᠮᠡᠳᠡᠯ᠂ ᠲᠦᠷᠢᠶᠡᠰᠦᠯᠡᠭᠦᠯᠬᠦ ᠲᠠᠰ ᠳᠠᠷᠠᠭᠠᠯᠠᠯ᠂ ᠰᠠᠭᠤᠷᠢ ᠦᠨ᠎ᠡ ᠶᠢ ᠲᠣᠭᠲᠠᠭᠠᠬᠤ᠂ ᠲᠦᠷᠢᠶᠡᠰᠦᠨ ᠮᠥᠩᠭᠦ ᠶᠢᠨ ᠣᠷᠣᠯᠭ᠎ᠠ ᠶᠢᠨ ᠬᠠᠮᠢᠶᠠᠷᠤᠯᠲᠠ ᠵᠡᠷᠭᠡ ᠳᠤ ︽ᠬᠥᠬᠡᠬᠤᠲᠠ ᠶᠢᠨ ᠰᠢᠭᠤᠳ ᠬᠠᠷᠢᠶ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠦᠷᠢᠶᠡᠰᠦᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠡᠯᠡ ᠣᠷᠣᠭᠤᠯᠵᠤ ᠡᠵᠡᠩᠨᠡᠬᠦ ᠲᠣᠭᠲᠠᠴᠠ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢᠨ ᠲᠤᠰᠠᠭᠠᠷ ᠪᠡᠯᠡ ᠣᠷᠣᠭᠤᠯᠬᠤ᠂ ᠪᠡᠯᠡ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠰᠡᠷᠭᠡᠶᠢᠯᠡᠯᠲᠡ ᠪᠠᠶᠢᠷᠢᠯᠠᠭᠤᠯᠬᠤ ᠶᠢ ᠬᠠᠮᠲᠤ ᠳᠤᠨᠢ ᠬᠠᠷᠠᠭᠠᠯᠵᠠᠬᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠳᠥᠭᠦᠮᠴᠢᠯᠡᠨ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︵ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠲᠦᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ  ᠬᠦᠴᠦ ᠪᠠᠨ ᠬᠠᠮᠳᠤᠳᠬᠠᠨ ᠰᠠᠶᠢᠳᠤᠷ ᠬᠢᠬᠦ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠬᠤ ᠶᠢ  ᠬᠦᠴᠦᠲᠡᠢ ᠳᠡᠮᠵᠢᠬᠦ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠶᠢᠨ ᠬᠡᠪᠴᠢᠶᠡᠨ ᠳᠤ ᠬᠠᠤᠯᠢ ᠲᠣᠭᠲᠠᠭᠠᠯ ᠶᠣᠰᠣᠭᠠᠷ ᠣᠷᠣᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ  ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢᠨ ᠭᠤᠤᠯ ᠠᠭᠤᠯᠭ᠎ᠠ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ ᠨᠠᠷᠢᠨ ᠲᠥᠯᠥᠪᠵᠢᠭᠦᠯᠭᠡ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠪᠡᠯᠡ ᠣᠷᠤᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠶᠢᠨ ᠲᠡᠷᠭᠡ ᠵᠣᠭᠰᠣᠭᠠᠬᠤ  ᠪᠡᠯᠡᠳᠬᠡᠮᠵᠢ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︔ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠤᠲᠠ ᠶᠢᠨ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠢᠳᠡᠪᠬᠢᠲᠡᠶ ᠬᠠᠮᠵᠢᠯᠴᠠᠨ ᠠᠬᠢᠭᠤᠯᠬᠤ ᠬᠡᠷᠡᠭᠲᠡᠶ᠃      ︵ᠬᠤᠶᠠᠷ︶ ᠠᠵᠢᠯ ᠢ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠠᠴᠠ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠶᠢ ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠨᠡᠬᠦ ᠠᠵᠢᠯ ᠢ ᠰᠢᠨ᠎ᠡ ᠶᠢ ᠡᠭᠦᠳᠬᠦ ᠴᠢᠨᠠᠷᠲᠠᠶ ᠠᠵᠢᠯ ᠪᠣᠯᠭᠠᠨ ᠰᠠᠶᠢᠲᠤᠷ ᠠᠳᠬᠤᠵᠤ ᠪᠣᠳᠠᠲᠠᠶ ᠠᠳᠬᠤᠵᠤ᠂ ᠭᠤᠣᠯ ᠤᠳᠤᠷᠢᠳᠤᠯᠭ᠎ᠠ ᠨᠠᠷ ᠪᠡᠶ᠎ᠡ ᠪᠠᠷ ᠢᠶᠠᠨ ᠲᠥᠯᠥᠪᠯᠡᠨ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠥᠯᠬᠢᠨ ᠠᠬᠢᠭᠤᠯᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠠᠳᠠᠯᠢ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠴᠡᠷᠢᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠷᠢᠭᠤ ᠮᠡᠳᠡᠭᠦᠯᠵᠦ᠂ ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠬᠤ ᠬᠡᠷᠡᠭᠲᠡᠶ᠃      ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠤᠨ ᠬᠢᠨ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠦᠨ ᠬᠥᠭᠵᠢᠭᠦᠯᠦᠭᠰᠡᠨ ᠦᠷ᠎ᠡ ᠪᠦᠲᠦᠮᠵᠢ ᠪᠠᠷ ᠢᠯᠡᠳᠲᠡ ᠲᠥᠷᠥᠯ ᠵᠦᠢᠯ ᠢ ᠶᠡᠬᠡᠪᠡᠷ ᠤᠬᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠬᠥᠭᠵᠢᠭᠦᠯᠵᠦ ᠠᠭᠤᠰᠤᠯᠴᠠᠭᠤᠯᠤᠨ ᠬᠦᠭᠵᠢᠬᠦᠯᠦᠭᠰᠡᠨ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠪᠦᠷᠢᠯᠳᠦᠭᠦᠯᠬᠦ ᠬᠡᠷᠡᠭᠲᠡᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号