ᠠᠷᠪᠠᠨ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2022/7/4
      6 ᠳ᠋ᠤᠭᠠᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠮᠧᠬᠠᠨᠢᠭ ᠤᠨ ᠣᠯᠠᠨ ᠤᠯᠤᠰ ᠤᠨ ᠬᠠᠮᠲᠤᠷᠠᠯᠴᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠳᠥᠭᠦᠮᠴᠢᠯᠡᠭᠡᠳ ︽ᠳᠤᠮᠳᠠᠳᠤ ᠤᠯᠤᠰ ᠤᠨ ᠮᠧᠬᠠᠨᠢᠭ ᠤᠨ ᠣᠯᠠᠨ ᠤᠯᠤᠰ ᠤᠨ ᠺᠣᠮᠫᠠᠨᠢ︾ ᠭᠡᠳᠡᠭ︶ ᠠᠴᠠ ᠭᠤᠣᠯᠯᠠᠨ ᠡᠷᠭᠢᠯᠡᠭᠰᠡᠨ 2022 ᠠᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃      ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ 5 ᠡᠳᠦᠷ ᠶᠠᠪᠤᠭᠳᠠᠵᠤ᠂ ᠥᠪᠥᠷ ᠮᠣᠩᠭᠤᠯ ‍ᠤᠨ‌ᠡᠨᠡ ᠵᠢᠯ ᠤᠨ ᠠᠩᠬᠠᠳᠠᠭᠴᠢ ᠲᠣᠮᠣ ᠬᠡᠯᠪᠡᠷᠢ ᠶᠢᠨ ᠮᠠᠰᠢᠨ ᠲᠡᠷᠭᠡᠨ ᠤ ᠦᠵᠡᠭᠦᠯᠦᠯᠭᠡ ᠪᠣᠯᠣᠨ᠎ᠠ᠂ ᠦᠵᠡᠭᠦᠯᠦᠯᠭᠡ ᠨᠢ  ᠦᠷᠭᠦᠯᠵᠢᠯᠡᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠭᠤᠣᠯ ᠣᠷᠳᠣᠨ ᠵᠢᠴᠢ ᠡᠮᠦᠨ᠎ᠡ  ᠬᠤᠶᠢᠨ᠎ᠠ  ᠠᠭᠤᠳᠠᠮ ᠲᠠᠯᠠᠪᠠᠶ ᠶᠢ ᠬᠡᠷᠡᠭᠯᠡᠵᠦ᠂ ᠦᠵᠡᠭᠦᠯᠦᠯᠭᠡ ᠶᠢᠨ ᠲᠠᠯᠠᠪᠠᠢ 7 ᠲᠦᠮᠡ ᠰᠢᠬᠠᠮ ᠲᠡᠭᠰᠢ ᠳᠥᠷᠪᠡᠯᠵᠢᠨ ᠮᠧᠲᠷ  ᠬᠦᠷᠴᠦ ᠪᠣᠢ᠃        ︽ᠠᠷᠤ ᠭᠠᠵᠠᠷ ᠤᠨ ᠨᠢᠭᠡᠳᠦᠭᠡᠷ ᠮᠠᠰᠢᠨ ᠲᠡᠷᠭᠡᠨ ᠤ ᠦᠵᠡᠭᠦᠯᠦᠯᠭᠡ︾ ᠬᠡᠮᠡᠭᠳᠡᠭᠰᠡᠨ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠶᠢ ᠳᠠᠷᠠᠭᠠᠯᠠᠨ 13  ᠠᠮᠵᠢᠯᠲᠠᠲᠠᠢ ᠡᠷᠬᠢᠯᠡᠵᠦ᠂ ᠣᠲᠣ ᠪᠣᠯᠲᠠᠯ᠎ᠠ ᠥᠪᠥᠷ ᠮᠣᠩᠭᠤᠯ ᠤᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ᠂ ᠤᠮᠠᠷᠠᠲᠤ ᠣᠷᠣᠨ ᠵᠢᠴᠢ ᠪᠠᠷᠠᠭᠤᠨ ᠬᠤᠶᠢᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠬᠤᠳᠠᠯᠳᠤᠭᠠᠴᠢᠨ ᠤ ᠦᠵᠡᠰᠬᠦᠯᠡᠩ ᠳᠤ ᠣᠷᠤᠯᠴᠠᠬᠤ ᠬᠡᠮ ᠪᠠᠷᠢᠮᠵᠢᠶ᠎ᠠ ᠬᠠᠮᠤᠭ ᠤᠨ ᠥᠨᠳᠥᠷ ᠣᠯᠠᠨ ᠤᠯᠤᠰᠴᠢᠯᠠᠭᠰᠠᠨ ᠲᠤᠰᠬᠠᠢ ᠮᠡᠷᠭᠡᠵᠢᠯ ᠤᠨ ᠮᠠᠰᠢᠨ ᠲᠡᠷᠭᠡᠨ ᠤ ᠦᠵᠡᠭᠦᠯᠦᠯᠭᠡ ᠪᠣᠯᠤᠨ᠎ᠠ᠃ ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ  ᠳᠤ 80 ᠭᠠᠷᠤᠢ ᠲᠦᠷᠦᠯ ᠲᠡᠮᠳᠡᠭᠲᠦ ᠶᠢᠨ ᠳᠣᠣᠷᠠᠬᠢ 700 ᠰᠢᠬᠠᠮ ᠮᠠᠰᠢᠨ ᠲᠡᠷᠭᠡᠨ ᠤ  ᠬᠡᠯᠪᠡᠷᠢ ᠣᠯᠠᠨ ᠲᠠᠢ ᠵᠣᠯᠭᠠᠨ᠎ᠠ︔ ᠦᠵᠡᠭᠦᠯᠦᠯᠭᠡ ᠶᠢᠨ ᠬᠤᠭᠤᠴᠠᠭᠠᠨ ᠳᠤ 12 ᠲᠠᠯᠠᠪᠤᠷ 13 ᠵᠦᠢᠯ ᠤᠨ ᠰᠢᠨ᠎ᠡ ᠮᠠᠰᠢᠨ ᠲᠡᠷᠭᠡ ᠨᠡᠶᠢᠲᠡᠯᠡᠬᠦ ᠬᠤᠷᠠᠯ ᠬᠢᠨ᠎ᠡ︔ ᠬᠤᠳᠠᠯᠳᠤᠨ ᠠᠪᠬᠤ ᠭᠠᠶᠢᠯᠢ ᠶᠢ ᠬᠠᠭᠠᠰ ᠢᠶᠠᠷ ᠬᠠᠰᠤᠬᠤ ᠪᠠ ᠦᠢᠯᠡᠳᠪᠦᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠠᠮᠲᠤ ᠳᠤᠨᠢ ᠬᠦᠷᠳᠡᠭᠡᠨ᠎ᠡ᠃      ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠤᠨ ᠳᠣᠣᠷ᠎ᠠ᠂ ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠦᠯᠭᠡ ᠨᠢ ᠵᠠᠰᠠᠭ ᠤᠨ ᠣᠷᠳᠣᠨ ᠤ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠦᠴᠦᠨ ᠢ ᠪᠠᠳᠠᠷᠠᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠠᠵᠢᠯ ᠲᠥᠷᠥᠯ ᠤᠨ ᠬᠢᠨ ᠤ ᠢᠲᠡᠭᠡᠯ ᠵᠣᠷᠢᠭ ᠢ ᠬᠦᠪᠴᠢᠯᠡᠬᠦ ᠪᠣᠯᠤᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号