ᠰᠢ ᠶᠢᠨ ᠫᠢᠩ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ      ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ 1 ᠤ ᠦᠳᠡ ᠶᠢᠨ ᠡᠮᠦᠨ᠎ᠡ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠶ᠃ ᠲᠡᠷᠡ᠂ 25 ᠵᠢᠯ ᠤᠨ ᠲᠤᠷᠰᠢ᠂ ᠡᠬᠡ ᠤᠯᠤᠰ ᠤᠨ ᠪᠦᠬᠦ ᠬᠦᠴᠦᠨ ᠤ ᠳᠡᠮᠵᠢᠯᠭᠡ ᠳᠣᠣᠷ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠰᠢᠶᠠᠩᠭᠠᠩ ᠳᠤ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠠᠮᠵᠢᠯᠲᠠ ᠣᠯᠵᠠᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ ᠰᠢᠯᠭᠠᠯᠲᠠ ᠶᠢ ᠥᠩᠭᠡᠷᠡᠭᠡᠭᠰᠡᠨ ᠶᠤᠮ᠂ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠤ᠂ ᠰᠢᠶᠠᠩᠭᠠᠩ᠂ ᠣᠣᠮᠧᠨ ᠤ ᠦᠨᠳᠦᠰᠦᠨ ᠠᠰᠢᠭ ᠲᠤᠰᠠ ᠳᠤ ᠨᠡᠶᠢᠴᠡᠵᠤ᠂ 14 ᠳ᠋ᠦᠩᠰᠢᠭᠤᠷ ᠭᠠᠷᠤᠢ ᠡᠭᠡ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ ᠰᠢᠯᠲᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃       7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠶ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ      7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠶ᠃ ᠵᠢᠷᠤᠭ ᠪᠣᠯ ᠰᠢ ᠶᠢᠨ ᠫᠢᠩ ᠳᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠤᠰᠢᠶᠠᠯ ᠳᠤ ᠭᠠᠷᠬᠤ ᠳᠠᠩᠭᠠᠷᠢᠭ ᠬᠢᠵᠦ ᠪᠠᠶᠢᠭ᠎ᠠ ᠨᠢ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ      ᠬᠤᠷᠠᠯ ᠤᠨ ᠲᠠᠯᠠᠪᠠᠢ ᠳᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠬᠦᠷ ᠬᠥᠭᠵᠢᠶᠡᠨ ᠲᠠᠢ ᠪᠠᠶᠢᠯ᠎ᠠ ᠃ ᠲᠡᠷᠢᠭᠦᠯᠡᠭᠴᠢ ᠶᠢᠨ ᠲᠠᠶᠢᠰᠠᠨ ᠳᠡᠭᠡᠷ᠎ᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠣᠷᠣᠨ ᠤ ᠲᠤᠭ ᠣᠨᠴᠠ ᠶᠢᠨ ᠢᠯᠡᠳᠡᠢ ᠬᠠᠷᠠᠭᠳᠠᠨ᠎ᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠲᠡᠭᠦᠨ ᠤ ᠬᠠᠳᠤᠨ ᠯᠢᠨ ᠯᠢ ᠴᠠᠨ ᠤ ᠪᠠᠷ᠎ᠠ ᠪᠤᠯᠤᠯᠭ᠎ᠠ ᠲᠠᠢ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ᠂ ᠲᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠠᠰᠢᠪᠠ᠃       ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠡᠬᠢᠯᠡᠵᠠᠢ᠃ ᠪᠦᠬᠦᠳᠡᠭᠡᠷ ᠢᠶᠠᠨ ᠪᠣᠰᠴᠤ ᠵᠣᠭᠰᠣᠨ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠵᠠᠭᠠᠪᠠ᠃       ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠳᠤ ᠭᠠᠷᠴᠤ ᠲᠠᠩᠭᠠᠷᠢᠭᠯᠠᠬᠤ ᠶᠢ ᠬᠢᠨᠠᠪᠠ᠃ ᠯᠢ ᠵᠢᠶᠠ ᠴᠤᠤ ᠡᠩ ᠲᠡᠷᠢᠭᠦᠨ ᠳᠤ ᠲᠤᠰᠢᠶᠠᠯ ᠳᠤ ᠭᠠᠷᠬᠤ ᠲᠠᠩᠭᠠᠷᠢᠭ ᠬᠢᠪᠡ᠂ ᠲᠡᠷᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠷᠤᠨ ᠤ ᠲᠤᠭ ᠲᠤ ᠬᠠᠨᠳᠤᠵᠤ᠂ ᠪᠠᠷᠠᠭᠤᠨ ᠭᠠᠷ ᠢᠶᠠᠨ ᠡᠷᠭᠦᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦ ᠪᠣᠯᠬᠤ ᠬᠠᠤᠯᠢ ᠶᠢᠨ ᠲᠣᠭᠲᠠᠭᠠᠯ ᠶᠣᠰᠣᠭᠠᠷ ᠲᠥᠪ ᠴᠢᠩᠭ᠎ᠠ ᠪᠠᠷ ᠲᠠᠩᠭᠠᠷᠢᠭᠯᠠᠪᠠ᠃       ᠵᠠᠯᠭᠠᠭᠠᠳ᠂ ᠰᠢ ᠶᠢᠨ ᠫᠢᠩ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠠᠯᠪᠠᠨ ᠲᠤᠰᠢᠶᠠᠯᠲᠠᠳ ᠯᠢ ᠵᠢᠶᠠ ᠴᠤᠤ ᠶᠢᠨ ᠲᠠᠭᠠᠭᠤᠯᠭ᠎ᠠ ᠪᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃       ᠲᠠᠷᠠᠭ᠎ᠠ ᠨᠢ᠂ ᠯᠢ ᠵᠢᠶᠠ ᠴᠤᠤ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃       ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠰᠢᠶᠠᠩᠭᠠᠩ ᠤᠨ ᠪᠦᠬᠦ ᠰᠠᠭᠤᠭᠠᠯᠢ ᠠᠷᠠᠳ ᠲᠤ ᠴᠢᠩ ᠰᠡᠳᠭᠢᠯ ᠤᠨ ᠮᠡᠨᠳᠦᠴᠢᠯᠡᠯ ᠬᠦᠷᠬᠡᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠪᠣᠯᠬᠤ ᠠᠯᠪᠠᠨ ᠲᠤᠰᠢᠶᠠᠯᠲᠠᠳ᠂ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤ ᠬᠠᠯᠠᠭᠤᠨ ᠪᠠᠶᠠᠷ ᠬᠦᠷᠭᠡᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ ᠳᠡᠮᠵᠢᠭᠰᠡᠨ᠂ ᠰᠢᠶᠠᠩᠭᠠᠩ ᠤᠨ ᠬᠥᠭᠵᠢᠯ ᠴᠡᠴᠡᠭᠯᠡᠯ ᠲᠣᠭᠲᠠᠭᠤᠨ ᠢ ᠳᠡᠮᠵᠢᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠪᠣᠯᠤᠨ ᠤᠯᠠᠨ ᠤᠯᠤᠰ ᠤᠨ ᠨᠥᠬᠦᠷᠰᠡᠭ ᠬᠥᠮᠦᠰ ᠲᠤ ᠴᠢᠩ ᠰᠡᠳᠭᠢᠯ ᠤᠨ ᠲᠠᠯᠠᠷᠬᠠᠯ ᠳᠡᠪᠰᠢᠭᠦᠯᠪᠡ᠃       ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠨᠢ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠤᠨ ᠯᠢᠩᠨᠠᠨ ᠣᠷᠣᠨ ᠳᠤ ᠰᠢᠷᠭᠠᠭᠤ ᠬᠠᠲᠠᠭᠤᠵᠢᠯᠲᠠᠢ ᠠᠵᠤ ᠲᠦᠷᠦᠵᠤ ᠪᠠᠶᠢᠭᠰᠠᠨ ᠢ ᠲᠡᠮᠳᠡᠭᠯᠡᠵᠦ ᠪᠠᠶᠢᠨ᠎ᠠ᠃ ᠬᠠᠷ᠎ᠠ ᠲᠠᠮᠠᠬᠢ ᠶᠢᠨ ᠲᠠᠶᠢᠨ ᠤ ᠳᠠᠷᠠᠭᠠᠬᠢ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ ᠨᠢ ᠰᠢᠶᠠᠩᠭᠠᠩ ᠢ ᠠᠷᠭ᠎ᠠ ᠪᠤᠰᠤ ᠬᠡᠰᠡᠭᠯᠡᠨ ᠥᠭᠭᠦᠭᠰᠡᠨ ᠭᠤᠲᠤᠮᠰᠢᠭ ᠢ ᠲᠡᠮᠳᠡᠭᠯᠡᠵᠦ᠂ ᠨᠡᠩ ᠴᠤ ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠬᠦᠷᠦᠨ ᠢᠶᠠᠨ ᠮᠥᠬᠦᠯ ᠠᠴᠠ ᠠᠪᠤᠷᠠᠬᠤ ᠭᠡᠰᠡᠨ ᠡᠰᠡᠷᠭᠦᠴᠡᠯ ᠢ ᠲᠡᠮᠳᠡᠭᠯᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠰᠦᠷ ᠳᠠᠯᠠᠶᠢᠴᠠᠲᠠᠢ ᠵᠠᠭᠤᠨ ᠵᠢᠯ ᠤᠨ ᠲᠡᠮᠡᠴᠡᠯ ᠤᠨ ᠲᠡᠦᠬᠡ ᠨᠢ ᠰᠢᠶᠠᠩᠭᠠᠩ ᠤᠨ ᠠᠬ᠎ᠠ ᠳᠡᠭᠦᠦ ᠨᠡᠷ ᠤᠨ ᠦᠵᠡᠭᠦᠯᠦᠭᠰᠡᠨ ᠥᠪᠡᠷᠮᠢᠴᠡ ᠪᠥᠭᠡᠳ ᠴᠢᠬᠤᠯᠠ ᠬᠤᠪᠢ ᠨᠡᠮᠡᠷᠢ ᠶᠢ ᠲᠡᠮᠳᠡᠭᠯᠡᠵᠦ ᠪᠠᠶᠢᠨ᠎ᠠ᠃ ᠲᠡᠦᠬᠡᠨ ᠠᠴᠠ ᠨᠠᠭᠠᠰᠢ᠂ ᠰᠢᠶᠠᠩᠭᠠᠩ ᠤᠨ ᠠᠬ᠎ᠠ ᠳᠡᠭᠦᠦ ᠨᠡᠷ ᠢᠮᠠᠭᠲᠠ ᠡᠬᠡ ᠤᠯᠤᠰ ᠲᠠᠢ ᠪᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠢᠰᠤ ᠮᠢᠬᠠᠨ ᠤ ᠪᠠᠷᠢᠯᠳᠤᠯᠭ᠎ᠠ ᠲᠠᠢ ᠶᠤᠮ ᠭᠡᠵᠤ ᠴᠢᠬᠤᠯᠠᠴᠢᠯᠠᠵᠠᠢ᠃       ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠦᠨᠳᠦᠰᠦᠨ ᠵᠣᠷᠢᠯᠲᠠ ᠪᠣᠯ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠬᠤ ᠶᠠᠪᠤᠳᠠᠯ ᠪᠣᠯᠤᠨ᠎ᠠ᠃ ᠲᠥᠪ ᠵᠠᠰᠠᠭ ᠤᠨ ᠣᠷᠳᠣᠨ ᠤ ᠬᠢᠵᠦ ᠪᠠᠶᠢᠭ᠎ᠠ ᠠᠯᠢᠪᠠ ᠪᠦᠬᠦᠨ ᠪᠣᠯ ᠴᠥᠮ ᠤᠯᠤᠰ ᠬᠡᠷ ᠤᠨ ᠰᠠᠶᠢᠨ ᠰᠠᠶᠢᠬᠠᠨ ᠤ ᠲᠥᠯᠥᠭᠡ᠂ ᠰᠢᠶᠠᠩᠭᠠᠩ ᠣᠣᠮᠧᠨ ᠤ ᠰᠠᠶᠢᠨ ᠰᠠᠶᠢᠬᠠᠨ ᠤ ᠲᠥᠯᠥᠭᠡ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠰᠠᠶᠢᠨ ᠰᠠᠶᠢᠬᠠᠨ ᠤ ᠲᠥᠯᠥᠭᠡ ᠶᠤᠮ᠃      ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ ᠰᠢᠯᠭᠠᠯᠲᠠ ᠶᠢ ᠥᠩᠭᠡᠷᠡᠭᠡᠭᠰᠡᠨ᠂ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠰᠢᠶᠠᠩᠭᠠᠩ᠂ ᠣᠣᠮᠧᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠡᠭᠡ ᠤᠯᠤᠰ ᠤᠨ 14 ᠳ᠋ᠦᠩᠰᠢᠭᠤᠷ ᠭᠠᠷᠤᠢ ᠠᠷᠠᠳ ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ ᠰᠢᠯᠳᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃       ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ ᠪᠠᠶᠠᠯᠢᠭ ᠦᠢᠯᠡᠳᠦᠯᠭᠡ ᠨᠢ ᠪᠢᠳᠡᠨ ᠳᠤ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠦᠯᠡᠳᠡᠭᠡᠵᠦ ᠦᠭᠭᠦᠭᠰᠡᠨ ᠪᠥᠭᠡᠳ ᠪᠠᠰᠠ ᠴᠥᠭᠡᠨ ᠪᠤᠰᠤ ᠭᠦᠨᠵᠡᠭᠡᠢ ᠰᠡᠩᠬᠡᠷᠡᠭᠦᠯᠦᠯ ᠦᠯᠡᠳᠡᠭᠡᠵᠦ ᠦᠭᠴᠡᠢ᠃ ᠭᠠᠭᠴᠠ ᠬᠦ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠵᠢᠮ᠎ᠡ ᠶᠣᠰᠣ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠪᠡᠯ ᠰᠠᠶ᠋ᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠦᠢᠯᠡᠰ ᠤᠨ ᠢᠮᠠᠭᠲᠠ ᠵᠥᠪ ᠴᠢᠭᠯᠡᠯ ᠢᠶᠠᠷ ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ ᠴᠢᠳᠠᠨ᠎ᠠ᠃       ᠨᠢᠭᠡᠳᠦᠭᠡᠷ ᠲᠤ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠬᠡᠷᠡᠭᠲᠡᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ ᠨᠢᠭᠡᠨ ᠪᠦᠷᠢᠨ ᠪᠦᠲᠦᠨ ᠰᠢᠰᠲ᠋ᠧᠮ ᠮᠥᠨ᠃ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢᠨ ᠬᠠᠮᠤᠭ ᠤᠨ ᠳᠡᠭᠡᠳᠦ ᠵᠠᠷᠴᠢᠮ ᠮᠥᠨ᠂ ᠡᠨᠡ ᠬᠦ ᠤᠷᠢᠲᠠᠯ ᠳᠣᠣᠷ᠎ᠠ ᠰᠢᠶᠠᠩᠭᠠᠩ᠂ ᠣᠣᠮᠧᠨ ᠤᠤᠯ ᠤᠨ ᠬᠥᠷᠥᠩᠭᠡᠲᠦ ᠶᠣᠰᠣᠨ ᠤ ᠪᠠᠶᠢᠭᠤᠯᠤᠯ ᠢᠶᠠᠨ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠵᠤ᠂ ᠳᠡᠭᠡᠳᠦ ᠬᠡᠮᠵᠢᠶᠡᠨ ᠤ ᠥᠪᠡᠷᠲᠡᠭᠡᠨ ᠵᠠᠰᠠᠬᠤ ᠡᠷᠬᠡ ᠶᠢ ᠡᠳ᠋ᠯᠡᠨ᠎ᠡ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠨᠢ ᠰᠢᠶᠠᠩᠭᠠᠩ᠂ ᠣᠣᠮᠧᠨ ᠳᠤ ᠬᠢᠵᠠᠭᠠᠯᠠᠰᠢ ᠦᠭᠡᠢ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠪᠤᠢ ᠪᠣᠯᠭᠠᠵᠤ ᠥᠭᠬᠦ ᠪᠣᠯᠤᠨ᠎ᠠ᠃ ︽ᠨᠢᠭᠡ ᠤᠯᠤᠰ︾ ᠤᠨ ᠵᠠᠷᠴᠢᠮ ᠪᠠᠲᠤ ᠪᠠᠬᠢ ᠪᠣᠯᠬᠤ ᠲᠤᠳᠤᠮ ︽ᠬᠤᠶᠠᠷ ᠪᠠᠶᠢᠭᠤᠯᠤᠯ︾ ᠤᠨ ᠳᠠᠪᠠᠭᠤᠯᠢᠭ ᠤᠯᠠᠮ ᠲᠤᠪᠤᠶᠢᠮ᠎ᠠ ᠪᠤᠯᠬᠤ ᠪᠤᠯᠤᠨ᠎ᠠ᠃       ᠬᠤᠶᠠᠳᠤᠭᠠᠷ ᠲᠤ᠂ ᠡᠷᠬᠡᠪᠰᠢ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠣᠯᠤᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠥᠪ ᠵᠠᠰᠠᠭ ᠤᠨ ᠣᠷᠳᠣᠨ ᠣᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠲᠠᠢ᠂ ᠡᠨᠡ ᠪᠣᠯ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠡᠬᠢ ᠦᠨᠳᠦᠰᠦ ᠮᠥᠨ᠂ ᠡᠭᠦᠨ ᠤ ᠵᠡᠷᠭᠡ ᠪᠠᠷ ᠲᠥᠪ ᠠᠴᠠ ᠣᠨᠴᠠᠭᠠᠢ ᠵᠠᠰᠠᠭ ᠵᠠᠬᠢᠷᠭᠠᠨ ᠤ ᠣᠷᠣᠨ ᠤ ᠬᠠᠤᠯᠢ ᠶᠣᠰᠣᠭᠠᠷ ᠡᠳ᠋ᠯᠡᠬᠦ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠭᠦᠢᠴᠡᠳ ᠬᠦᠨᠳᠦᠳᠭᠡᠨ ᠡᠷᠡᠰ ᠬᠠᠮᠠᠭᠠᠯᠠᠨ᠎ᠠ᠃ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠬᠤ ᠪᠠ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠪᠣᠯ ᠨᠢᠭᠡᠳᠦᠯᠲᠡᠢ ᠵᠣᠯᠭᠠᠯᠴᠠᠭᠰᠠᠨ ᠶᠠᠪᠤᠳᠠᠯ ᠪᠣᠯᠤᠨ᠎ᠠ᠂ ᠭᠠᠭᠴᠠ ᠬᠦ ᠡᠭᠦᠨ ᠢ ᠪᠡᠶᠡᠯᠡᠭᠦᠯᠪᠡᠯ ᠰᠠᠶ᠋ᠢ ᠣᠨᠴᠠᠭᠠᠢ ᠵᠠᠰᠠᠭ ᠵᠠᠬᠢᠷᠭᠠᠨ ᠤ ᠣᠷᠣᠨ ᠢ ᠰᠠᠶᠢᠲᠤᠷ ᠵᠠᠰᠠᠵᠤ ᠴᠢᠳᠠᠨ᠎ᠠ       ᠭᠤᠷᠪᠠᠳᠤᠭᠠᠷ ᠲᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾ ᠶᠢ ᠡᠷᠬᠡᠪᠰᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠡᠷᠬᠡ ᠶᠢ ᠡᠷᠬᠡᠪᠰᠢ ᠤᠯᠤᠰ ᠢᠶᠠᠨ ᠬᠠᠶᠢᠷᠠᠯᠠᠭᠴᠢᠳ ᠤᠨ ᠭᠠᠷ ᠲᠤ ᠠᠳᠬᠤᠭᠤᠯᠬᠤ ᠬᠡᠷᠡᠭᠲᠡᠢ᠂ ᠡᠨᠡ ᠪᠣᠯ ᠳᠡᠯᠡᠬᠡᠢ ᠳ᠋ᠠᠬᠢᠨ ᠳᠤ ᠨᠡᠶᠢᠳᠡᠮ ᠬᠡᠷᠡᠭᠯᠡᠭᠳᠡᠵᠦ ᠪᠠᠶᠢᠭ᠎ᠠ ᠤᠯᠤᠰ ᠲᠦᠷᠦ ᠶᠢᠨ ᠵᠢᠮ᠎ᠡ ᠶᠣᠰᠣ ᠮᠥᠨ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠢ ᠬᠠᠮᠢᠶᠠᠷᠤᠨ ᠵᠠᠰᠠᠬᠤ ᠡᠷᠬᠡ ᠶᠢ ᠤᠯᠤᠰ ᠢᠶᠠᠨ ᠬᠠᠶᠢᠷᠠᠯᠠᠭᠴᠢᠳ ᠤᠨ ᠭᠠᠷ ᠲᠤ ᠪᠠᠲᠤ ᠡᠵᠡᠮᠳᠡᠭᠦᠯᠬᠦ ᠪᠣᠯ ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠶᠠᠮᠠᠷᠪᠠ ᠦᠶ᠎ᠡ ᠳᠤ ᠴᠦ ᠭᠤᠶᠢᠪᠢᠯᠵᠠᠵᠤ ᠪᠣᠯᠬᠤ ᠦᠭᠡᠢ᠃ ᠬᠠᠮᠢᠶᠠᠷᠤᠨ ᠵᠠᠰᠠᠬᠤ ᠡᠷᠬᠡ ᠶᠢ ᠰᠠᠶᠢᠲᠤᠷ ᠰᠠᠬᠢᠨ ᠬᠠᠮᠠᠭᠠᠯᠠᠬᠤ ᠪᠣᠯ ᠳᠠᠷᠤᠢ ᠰᠢᠶᠠᠩᠭᠠᠩ ᠤᠨ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠰᠠᠬᠢᠨ ᠬᠠᠮᠠᠭᠠᠯᠠᠵᠤ᠂ ᠰᠢᠶᠠᠩᠭᠠᠩ ᠤᠨ 700 ᠭᠠᠷᠤᠢ ᠲᠦᠮᠡᠨ ᠰᠠᠭᠤᠭᠠᠯᠢ ᠠᠷᠠᠳ ᠤᠨ ᠬᠤᠪᠢ ᠪᠡᠶ᠎ᠠ ᠶᠢᠨ ᠬᠢᠨᠢ ᠠᠰᠢᠭ ᠲᠤᠰᠠ ᠶᠢ ᠰᠠᠬᠢᠨ ᠬᠠᠮᠠᠭᠠᠯᠠᠬᠤ ᠶᠠᠪᠤᠳᠠᠯ ᠪᠣᠯᠤᠨ᠎ᠠ᠃       ᠳᠥᠷᠪᠡᠳᠦᠭᠡᠷ ᠲᠤ᠂ ᠰᠢᠶᠠᠩᠭᠠᠩ ᠤᠨ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠲᠠᠯ᠎ᠠ ᠶᠢ ᠡᠷᠬᠡᠪᠰᠢ ᠪᠠᠲᠤᠯᠠᠬᠤ ᠬᠡᠷᠡᠭᠲᠡᠢ᠃ ᠡᠬᠡ ᠤᠯᠤᠰ ᠢᠶᠠᠨ ᠲᠦᠰᠢᠵᠦ᠂ ᠳᠡᠯᠡᠬᠡᠢ ᠳ᠋ᠠᠬᠢᠨ ᠲᠠᠢ ᠬᠤᠯᠪᠣᠯᠳᠤᠨ ᠨᠡᠪᠲᠡᠷᠡᠯᠴᠡᠬᠦ ᠪᠣᠯ ᠰᠢᠶᠠᠩᠭᠠᠩ ᠤᠨ ᠤᠯᠠᠨ ᠠᠴᠠ ᠬᠡᠲᠦᠶᠢᠳᠦᠭᠰᠡᠨ ᠳᠠᠪᠠᠭᠤᠯᠢᠭ ᠪᠣᠯᠤᠨ᠎ᠠ᠃ ᠲᠥᠪ ᠵᠠᠰᠠᠭ ᠤᠨ ᠣᠷᠳᠣᠨ ᠠᠴᠠ ᠰᠢᠶᠠᠩᠭᠠᠩ ᠤᠨ ᠤᠷᠳᠤ ᠬᠤᠭᠤᠴᠠᠭ᠎ᠠ ᠪᠠᠷ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠢᠶᠠᠨ ᠪᠠᠷᠢᠮᠲᠠᠯᠠᠬᠤ ᠶᠢ ᠪᠦᠷᠢᠮᠦᠰᠦᠨ ᠲᠡᠮᠵᠢᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶᠠᠨ ᠤ ᠲᠥᠪ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠦᠨ᠂ ᠴᠢᠯᠥᠭᠡᠲᠡᠢ ᠨᠡᠭᠡᠭᠡᠯᠲᠡᠲᠡᠢ ᠵᠢᠷᠤᠮᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠮᠠᠭᠠᠯᠠᠵᠤ᠂ ᠡᠩ ᠤᠨ ᠬᠠᠤᠯᠢ ᠶᠢᠨ ᠲᠦᠷᠢᠮ ᠢ ᠪᠠᠷᠢᠮᠲᠠᠯᠠᠨ᠂ ᠰᠠᠭᠠᠳ ᠦᠭᠡᠢ ᠨᠡᠪᠲᠡᠷᠡᠬᠦ ᠳᠥᠭᠦᠮ ᠳᠥᠲᠡ ᠤᠯᠠᠨ ᠤᠯᠤᠰ ᠤᠨ ᠬᠠᠷᠢᠯᠴᠠᠭ᠎ᠠ ᠶᠢ ᠥᠷᠭᠡᠳᠭᠡᠨ᠎ᠡ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠰᠢᠶᠠᠩᠭᠠᠩ ᠴᠢᠬᠤᠯᠠ ᠶᠡᠭᠡ ᠬᠤᠪᠢ ᠨᠡᠮᠡᠷᠢ ᠦᠵᠡᠭᠦᠯᠬᠦ ᠨᠢ ᠯᠠᠪᠳᠠᠢ ᠭᠡᠵᠦ ᠵᠢᠭᠠᠵᠤ ᠭᠠᠷᠭᠠᠪᠠ᠃       ᠰᠢ ᠶᠢᠨ ᠫᠢᠩ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ 4 ᠲᠠᠯ᠎ᠠ ᠶᠢᠨ ᠬᠦᠰᠡᠯ ᠲᠠᠯᠪᠢᠵᠠᠢ ᠄ ᠨᠢᠭᠡ ᠳᠤ᠂ ᠵᠠᠰᠠᠯᠲᠠ ᠶᠢᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠰᠠᠶᠢᠨ ᠵᠠᠰᠠᠭ ᠢᠶᠠᠷ ᠴᠢᠳᠠᠮᠠᠭᠠᠢ ᠵᠠᠰᠠᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠶᠠᠩᠭᠠᠩ ᠤᠨ ᠨᠡᠶᠢᠭᠡᠮ ᠳᠤ ᠬᠠᠳᠠᠭᠠᠯᠠᠭᠳᠠᠵᠤ ᠪᠠᠶᠢᠭ᠎ᠠ ᠯᠤᠲᠤ ᠶᠡᠭᠡ ᠪᠦᠲᠦᠭᠡᠯᠴᠢ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠠᠬᠤ ᠬᠡᠷᠡᠭᠲᠡᠢ᠃ ᠭᠤᠷᠪᠠ ᠳᠤ᠂ ᠠᠷᠠᠳ ᠤᠨ ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠲᠠ ᠶᠢᠨ ᠠᠷᠠᠳ ᠲᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠲᠦᠷᠪᠡ ᠳᠤ᠂ ᠡᠶ᠎ᠡ ᠵᠣᠬᠢᠴᠠᠩᠭᠤᠢ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ᠃       ᠰᠢ ᠶᠢᠨ ᠫᠢᠩ᠂ ᠵᠠᠯᠠᠭᠤᠴᠤᠳ ᠢ ᠣᠨᠴᠠᠭᠠᠶᠢᠯᠠᠨ ᠬᠠᠯᠠᠮᠵᠢᠯᠠᠨ ᠬᠠᠶᠢᠷᠠᠯᠠᠬᠤ ᠬᠡᠷᠡᠭᠲᠡᠢ᠃ ᠵᠠᠯᠠᠭᠤᠴᠤᠳ ᠪᠠᠭᠠᠴᠤᠳ ᠢ ᠬᠥᠲᠥᠯᠥᠨ ᠳᠠᠭᠠᠭᠤᠯᠵᠤ ᠤᠯᠤᠰ ᠪᠠ ᠳᠡᠯᠡᠬᠡᠶ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ ᠲᠠᠨᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠭᠢᠯᠭᠡ ᠪᠠ ᠡᠵᠡᠨ ᠬᠥᠮᠦᠨ ᠤ ᠤᠬᠠᠮᠰᠠᠷ ᠢ ᠨᠢ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠵᠠᠯᠠᠭᠤᠴᠤᠳ ᠢ ᠬᠠᠪᠰᠤᠷᠤᠨ ᠰᠤᠷᠤᠯᠭ᠎ᠠ᠂ ᠠᠵᠢᠯ ᠣᠯᠬᠤ᠂ ᠦᠢᠯᠡᠰ ᠪᠤᠰᠬᠠᠬᠤ᠂ ᠠᠮᠢᠳᠤᠷᠠᠯ ᠪᠤᠰᠬᠠᠬᠤ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤᠨᠢ ᠨᠡᠩ ᠤᠯᠠᠨ ᠠᠵᠠ ᠲᠣᠬᠢᠶᠠᠯ ᠡᠭᠦᠳᠴᠦ ᠥᠭᠬᠦ ᠬᠡᠷᠡᠭᠲᠡᠢ᠃ ᠰᠢᠶᠠᠩᠭᠠᠩ ᠤᠨ ᠵᠠᠯᠠᠭᠤᠴᠤᠳ ᠨᠢᠭᠡ ᠪᠦᠷᠢ ᠴᠥᠮ ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠬᠤ ᠡᠩᠨᠡᠭᠡᠨ ᠳᠤ ᠣᠷᠣᠯᠴᠠᠵᠤ᠂ ᠭᠠᠯ ᠵᠠᠯᠠᠭᠤ ᠨᠠᠰᠤ ᠪᠠᠷ ᠢᠶᠠᠨ ᠭᠤᠶᠢᠳᠠ ᠰᠠᠶᠢᠬᠠᠨ ᠠᠮᠢᠳᠤᠷᠠᠯ ᠢᠶᠠᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠢᠭᠡᠨᠲᠡ ᠪᠤᠴᠠᠰᠢ ᠦᠭᠡᠢ ᠲᠡᠦᠬᠡ ᠶᠢᠨ ᠠᠬᠢᠴᠠ ᠳᠤ ᠣᠷᠣᠪᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ ᠠᠮᠵᠢᠯᠲᠠ ᠲᠠᠢ ᠦᠢᠯᠡᠳᠦᠯᠭᠡ ᠶᠢ ᠠᠬᠢᠭᠤᠯᠬᠤ ᠪᠣᠯ ᠡᠨᠡ ᠬᠦ ᠲᠡᠦᠬᠡᠨ ᠠᠬᠢᠴᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠠᠭᠤᠤ ᠶᠡᠭᠡ ᠡᠬᠡ ᠤᠯᠤᠰ ᠤᠨ ᠡᠷᠡᠰ ᠪᠠᠲᠤ ᠳᠡᠮᠵᠢᠯᠭᠡ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢᠨ ᠪᠠᠲᠤ ᠴᠢᠩᠭ᠎ᠠ ᠪᠠᠲᠤᠯᠠᠭ᠎ᠠ ᠪᠠᠶᠢᠬᠤ ᠪᠤᠯᠬᠤᠷ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ ᠰᠢᠶᠠᠩᠭᠠᠩ ᠯᠠᠪᠲᠠᠢ ᠨᠡᠩ ᠶᠡᠭᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠯᠠᠪᠲᠠᠢ ᠡᠬᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠩᠭᠡ ᠭᠡᠷᠡᠯ ᠢ ᠬᠠᠮᠲᠤ ᠪᠠᠷ ᠡᠳ᠋ᠯᠡᠬᠦ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠯᠢ ᠵᠢᠶᠠ ᠴᠤᠤ ᠪᠠᠶᠠᠷ ᠤᠨ ᠦᠭᠡ ᠳᠡᠭᠡᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠤᠭᠰᠠᠨ ᠤ ᠬᠤᠪᠢ ᠳᠤ᠂ ᠪᠢ ᠬᠢᠵᠠᠭᠠᠯᠠᠰᠢ ᠦᠭᠡᠢ ᠢᠷᠠᠭᠤ ᠠᠯᠳᠠᠷ ᠲᠠᠢ ᠰᠠᠨᠠᠭᠳᠠᠵᠤ ᠪᠠᠶᠢᠬᠤ ᠪᠥᠭᠡᠳ ᠬᠠᠷᠢᠭᠤᠴᠠᠯᠭ᠎ᠠ ᠬᠦᠨᠳᠦ ᠶᠡᠭᠡ ᠬᠡᠳᠡᠭ ᠢ ᠭᠦᠨ ᠣᠶᠢᠯᠠᠭᠠᠵᠤ ᠪᠠᠶᠢᠨ᠎ᠠ᠃ ᠪᠢ ᠬᠠᠮᠢᠶᠠᠷᠤᠨ ᠵᠠᠰᠠᠬᠤ ᠪᠦᠯᠬᠦᠮ ᠢᠶᠠᠨ ᠳᠠᠭᠠᠭᠤᠯᠤᠨ ᠪᠦᠬᠦ ᠬᠦᠴᠦ ᠪᠠᠷ ᠢᠶᠠᠨ ᠴᠢᠷᠮᠠᠶᠢᠵᠤ᠂ ᠰᠢᠶᠠᠩᠭᠠᠩ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠲᠠᠢ ᠪᠦᠯᠬᠦᠮᠳᠡᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠢᠶᠠᠷ ᠰᠢᠶᠠᠩᠭᠠᠩ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠦ ᠪᠣᠯᠬᠤ ᠬᠠᠤᠯᠢ ᠳᠤ ᠲᠣᠭᠲᠠᠭᠠᠭᠰᠠᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦᠨ ᠬᠠᠤᠯᠢ ᠶᠢᠨ ᠲᠦᠷᠢᠮ ᠤᠨ ᠡᠮᠬᠢ ᠳᠢᠭᠯᠢᠮ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ ᠤᠨ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃       ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠱᠧᠨ ᠶᠤᠸᠠᠢ ᠶᠤᠸᠠᠢ᠂ ᠸᠠᠩ ᠢ᠂ ᠰᠢᠶᠠ ᠪᠣᠣ ᠯᠦᠩ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠪᠠ᠃       ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠵᠧᠨ ᠶᠢᠩ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠡᠭᠡᠷ᠎ᠠ ᠨᠢᠬᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠵᠢᠴᠢ ᠰᠢᠶᠠᠩᠭᠠᠩ ᠤᠨ ᠡᠯ᠎ᠡ ᠡᠲᠡᠭᠡᠳ ᠤᠨ ᠲᠥᠯᠥᠭᠡᠯᠡᠭᠴᠢᠳ ᠪᠣᠯᠤ᠋
ᠨᠡᠶᠢᠲᠡᠯᠡᠭᠰᠡᠨ ᠴᠠᠭ᠄
2022/7/5
      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 28 ᠤ ᠡᠳᠦᠷ ᠬᠤᠪᠸᠢ ᠮᠤᠵᠢ ᠶᠢᠨ ᠦᠬᠠᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠬᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠤᠯᠤᠰ ᠤᠨ ᠬᠦᠴᠦᠷᠬᠡᠭᠵᠢᠯ ᠤᠨ ᠰᠠᠭᠤᠷᠢ᠂ ᠠᠮᠤᠷ ᠲᠦᠪᠰᠢᠨ ᠤ ᠴᠢᠬᠤᠯᠠ ᠵᠦᠢᠯ ᠪᠣᠯᠤᠨ᠎ᠠ᠃ ᠪᠢᠳᠡ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠥ᠂ ᠰᠢᠨᠵᠢᠯᠡᠬᠦ ᠤᠬᠠᠭᠠᠨ ᠳᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ ᠳᠡᠬᠡᠷ᠎ᠡ ᠨᠡᠩ ᠶᠡᠭᠡ ᠠᠬᠢᠴᠠ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠶᠢᠨ ᠦᠪᠡᠷᠮᠢᠴᠡ ᠴᠢᠨᠠᠷ᠂ ᠪᠡᠶ᠎ᠡ ᠪᠠᠨ ᠳᠠᠭᠠᠭᠠᠬᠤ ᠴᠢᠨᠠᠷ᠂ ᠠᠮᠤᠷ ᠲᠦᠪᠰᠢᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠥ᠂ ᠨᠡᠩ ᠤᠯᠠᠨ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠢ ᠪᠤᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠤᠯᠠᠨ ᠤᠯᠤᠰ ᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃      28 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠪᠸᠢ ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ ᠮᠧᠩ ᠬᠤᠢ᠂ ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ ᠦᠬᠠᠨ ᠤ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃      ᠰᠢ ᠶᠢᠨ ᠫᠢᠩ ᠡᠩ ᠲᠡᠷᠢᠭᠦᠨ ᠳᠤ ᠦᠬᠠᠨ ᠤ ᠬᠤᠸᠠ ᠬᠦᠩ ᠯᠠᠶᠢᠰᠧᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠭᠦ ᠶᠡᠷᠦᠩᠬᠡᠶᠢᠯᠡᠭᠰᠡᠨ ᠲᠣᠮᠣ ᠠᠰᠠᠷ ᠲᠤ᠂ ᠰᠢ ᠶᠢᠨ ᠫᠢᠩ ᠬᠤᠪᠸᠢ ᠮᠤᠵᠢ ᠶᠢᠨ ᠬᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠶᠯᠡᠰ ᠤᠨ ᠬᠥᠭᠵᠢᠯᠲᠡ ᠵᠢᠴᠢ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠬᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠴᠠᠬᠢᠮ ᠤᠨ ᠠᠵᠤ ᠦᠶᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠤᠳᠠᠳᠠᠢ ᠪᠠᠶᠢᠴᠠᠭᠠᠨ ᠦᠵᠡᠪᠡ᠃ ᠰᠢ ᠶᠢᠨ ᠫᠢᠩ᠂ ᠭᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠪᠣᠯ ᠬᠡᠷᠡᠭᠯᠡᠭᠡ ᠥᠷᠭᠡᠨ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠂ ᠪᠠᠰᠠ ᠴᠤ ᠮᠠᠨ ᠤ ᠤᠯᠤᠰ ᠤᠨ ᠤᠷᠢᠤᠨ ᠢᠶᠠᠷ ᠰᠢᠪᠲᠤᠯᠤᠯᠲᠠ ᠭᠠᠷᠭᠠᠬᠤ ᠨᠥᠬᠦᠴᠡᠯ ᠲᠠᠢ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠃ ᠬᠤᠪᠧᠶ ᠮᠤᠵᠢ ᠶᠢᠨ ᠦᠬᠠᠨ ᠤ ᠳ᠋ᠦᠩ ᠬᠤ᠋ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠨᠢ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ ᠦᠶᠯᠡᠰ ᠤᠨ ᠬᠦᠷᠢᠶᠡᠨ ᠳᠤ ᠦᠪᠡᠷ ᠤᠨ ᠬᠡᠰᠡᠨ ᠥᠪᠡᠷᠮᠢᠴᠡ ᠣᠨᠴᠠᠯᠢᠭ ᠲᠠᠢ ᠶᠤᠮ᠃ ᠮᠡᠷᠭᠡᠵᠢᠯ ᠤᠨ ᠰᠤᠳᠤᠯᠤᠨ ᠨᠡᠭᠡᠭᠡᠯᠳᠡ ᠶᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠭᠤᠣᠯᠯᠠᠭᠴᠢ ᠮᠡᠷᠭᠡᠵᠢᠯ ᠢ ᠨᠡᠩ ᠤᠯᠠᠨ ᠡᠵᠡᠮᠰᠢᠵᠦ᠂ ᠲᠠᠰᠤᠷᠠᠯᠳᠠ ᠦᠭᠡᠢ ᠪᠠᠷ ᠰᠢᠨ᠎ᠡ ᠶᠢ ᠡᠭᠦᠳᠬᠦ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ︽ᠪᠣᠭᠤᠮᠢ ᠪᠤᠯᠵᠥ ᠪᠠᠶᠢᠭ᠎ᠠ︾ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠬᠤ ᠠᠵᠢᠯ ᠢ ᠥᠴᠦᠬᠡᠨ ᠴᠦ ᠤᠳᠠᠭᠠᠰᠢᠷᠠᠭᠤᠯᠵᠤ ᠪᠣᠯᠬᠤ ᠦᠭᠡᠢ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠪᠦᠬᠦ ᠤᠯᠤᠰ ᠤᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠱᠠᠯᠠᠮᠠᠭᠠᠶᠢᠯᠠᠨ ᠨᠡᠬᠡᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃      ᠰᠢ ᠶᠢᠨ ᠫᠢᠩ ᠤᠷᠢᠳ ᠬᠤᠵᠢᠳ ᠠᠵᠤ ᠠᠬᠤᠶᠢᠯᠠᠯ ᠤᠨ ᠯᠠᠶᠢᠰᠧᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠬᠠᠭᠠᠰ ᠳᠠᠮᠵᠢᠭᠤᠯᠤᠭᠴᠢ ᠬᠠᠪᠲᠠᠰᠤ ᠶᠢᠨ ᠯᠠᠶᠢᠰᠧᠷ ᠣᠶᠤᠨᠴᠢ ᠲᠣᠨᠣᠭᠯᠠᠯ ᠤᠨ ᠦᠶᠯᠡᠳᠪᠦᠷᠢᠯᠡᠯ ᠤᠨ ᠲᠠᠰᠤᠭ ᠲᠤ ᠬᠦᠷᠴᠦ᠂ ᠯᠠᠶᠢᠰᠧᠷ ᠮᠡᠷᠭᠡᠵᠢᠯ ᠤᠨ ᠠᠵᠤ ᠦᠶᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠣᠳᠠᠰ ᠢ ᠪᠠᠶᠢᠴᠠᠭᠠᠨ ᠦᠵᠡᠪᠡ᠃ ᠰᠢ ᠶᠢᠨ ᠫᠢᠩ᠂ ᠳᠡᠭᠡᠳᠦ ᠲᠡᠰ ᠤᠨ ᠦᠢᠯᠡᠳᠬᠦ ᠦᠢᠯᠡᠰ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠮᠠᠨ ᠤ ᠤᠯᠤᠰ ᠤᠨ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠡᠷᠬᠡᠪᠰᠢ ᠮᠡᠷᠭᠡᠵᠢᠯ ᠤᠨ ᠰᠤᠳᠤᠯᠤᠨ ᠨᠡᠭᠡᠭᠡᠯᠳᠡ ᠶᠢ ᠴᠢᠩᠭᠠᠳᠬᠠᠵᠤ᠂ ᠤᠯᠤᠰ ᠤᠨ ᠦᠢᠯᠡᠳᠪᠦᠷᠢᠯᠡᠯ ᠤᠨ ᠣᠷᠣᠯᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠡᠵᠡᠮᠳᠡᠪᠡᠯ ᠤᠯᠤᠰ ᠣᠷᠣᠨ ᠰᠠᠶ᠋ᠢ ᠵᠢᠩᠬᠢᠨᠢ ᠪᠠᠷ ᠬᠦᠴᠦᠷᠬᠡᠭᠵᠢᠵᠦ ᠴᠢᠳᠠᠨ᠎ᠠ ᠬᠡᠵᠥ ᠴᠢᠬᠤᠯᠠᠴᠢᠯᠠᠪᠠ᠃      ᠦᠢᠯᠡᠳᠪᠦᠷᠢᠯᠠᠯ ᠤᠨ ᠲᠠᠰᠤᠭ ᠤᠨ ᠠᠰᠠᠷ ᠤᠨ ᠡᠮᠦᠨ᠎ᠡ᠂ ᠰᠢ ᠶᠢᠨ ᠫᠢᠩ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠪᠣᠯ ᠳᠡᠯᠡᠬᠡᠢ ᠶᠢᠨ ᠬᠤᠶᠠᠳᠤᠭᠠᠷ ᠲᠤᠮᠤ ᠠᠵᠤ ᠠᠬᠤᠢ ᠶᠢᠨ ᠴᠣᠭᠴᠠ ᠪᠣᠯᠤᠨ᠎ᠠ᠂ ᠭᠡᠪᠡᠴᠦ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠠᠷᠢᠮ ᠠᠵᠤ ᠦᠢᠯᠡᠰ ᠤᠨ ᠰᠠᠭᠤᠷᠢ ᠪᠠᠰᠠ ᠲᠡᠶᠢᠮᠦ ᠪᠠᠲᠤ ᠪᠠᠬᠢ ᠪᠢᠰᠢ᠂ ᠴᠢᠨᠠᠭᠰᠢᠳᠠ ᠬᠥᠭᠵᠢᠭᠦᠯᠬᠦ ᠳᠤ ᠡᠷᠬᠡᠪᠰᠢ ᠰᠢᠨ᠎ᠡ ᠶᠢ ᠡᠭᠦᠳᠬᠦ ᠳᠤ ᠲᠦᠰᠢᠭᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠶᠢ ᠡᠭᠦᠳᠬᠦ ᠪᠣᠯ ᠨᠢᠭᠡᠨ ᠰᠢᠢᠳᠪᠦᠷᠢᠯᠡᠭᠴᠢ ᠴᠢᠨᠠᠷᠲᠠᠢ ᠡᠯᠧᠮᠧᠨ᠋ᠲ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠬᠡᠷᠪᠡ ᠮᠠᠨ ᠤ ᠬᠤᠳᠠ ᠨᠢᠭᠡ ᠪᠦᠷᠢ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠨᠢᠭᠡ ᠪᠦᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢᠭᠡ ᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠨᠢᠭᠡ ᠪᠦᠷᠢ ᠴᠥᠮ ᠤᠯᠤᠰ ᠤᠨ ᠲᠣᠭᠲᠠᠭᠠᠭᠰᠠᠨ ᠬᠥᠭᠵᠢᠯᠲᠡ ᠶᠢᠨ ᠴᠢᠭᠯᠡᠯ ᠤᠨ ᠲᠤᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠳᠤ ᠬᠦᠷᠪᠡᠯ᠂ ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ ᠦᠶ᠎ᠡ ᠶᠢᠨ ᠬᠥᠮᠦᠰ ᠡᠷᠬᠡᠪᠰᠢ ᠡᠨᠡ ᠬᠦ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠳᠤ ᠣᠷᠣᠭᠤᠯᠤᠯᠲᠠ ᠳᠤ ᠲᠦᠰᠢᠭᠯᠡᠵᠦ᠂ ᠬᠤᠶᠠᠷ ᠲᠤ ᠴᠢᠳᠠᠪᠤᠷᠢᠲᠠᠨ ᠳᠤ ᠲᠦᠰᠢᠭᠯᠡᠬᠦ ᠬᠡᠷᠡᠭᠲᠡᠢ᠃ ᠠᠳᠡ ᠴᠥᠭᠡᠨ ᠪᠤᠰᠤ ᠰᠢᠯᠢᠳᠡᠭ ᠴᠢᠳᠠᠪᠤᠷᠢᠲᠠᠨ ᠴᠤᠭᠯᠠᠷᠠᠭᠰᠠᠨ ᠢ ᠤᠯᠵᠤ ᠬᠠᠷᠠᠯ᠎ᠠ᠂ ᠣᠯᠠᠨ ᠢᠶᠠᠷ ᠢᠶᠠᠨ ᠪᠦᠷ ᠮᠠᠰᠢ ᠵᠠᠯᠠᠭᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠪᠢ ᠮᠠᠰᠢ ᠪᠠᠶᠠᠷᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠦᠰᠦᠨ ᠪᠣᠶᠢᠵᠢᠯᠲᠠ ᠶᠢ ᠮᠠᠰᠢ ᠬᠠᠯᠠᠮᠵᠢᠯᠠᠵᠤ ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠢᠭᠲᠠᠶ ᠪᠠᠶᠢᠭᠤᠯᠤᠮᠵᠢ ᠲᠣᠭᠲᠠᠴᠠ ᠪᠠ ᠠᠵᠢᠯ ᠠᠮᠢᠳᠤᠷᠠᠯ ᠤᠨ ᠣᠷᠴᠢᠨ ᠨᠥᠬᠦᠴᠡᠯ ᠢ ᠠᠯᠢ ᠴᠢᠳᠠᠬᠤ ᠪᠠᠷ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠡᠬᠡ ᠣᠷᠣᠨ ᠪᠠ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ ᠪᠣᠯᠭᠠᠬᠤ ᠬᠡᠷᠡᠭᠲᠡᠶ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠨᠡᠩ ᠶᠡᠭᠡ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ ᠲᠠᠷᠠᠭ᠎ᠠ ᠨᠢ ᠳ᠋ᠦᠩ ᠬᠣ᠋ ᠳᠡᠭᠡᠳᠦ ᠰᠢᠨ᠎ᠡ ᠮᠡᠷᠬᠡᠵᠢᠯ ᠤᠨ ᠲᠣᠭᠤᠷᠢᠭ ᠤᠨ ᠽᠦᠸᠧ ᠯᠢᠩ ᠵᠡᠭᠡᠯᠢ ᠭᠤᠳᠤᠮᠵᠢ ᠶᠢᠨ ᡁᠢ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠤᠰ ᠨᠡᠶᠢᠭᠡᠮ ᠲᠣᠭᠤᠷᠢᠭ ᠪᠣᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠠᠬᠢᠨ ᠪᠠᠶᠢᠭᠤᠯᠤᠬᠰᠡᠨ ᠰᠠᠭᠤᠭᠠᠯᠢ ᠠᠷᠠᠳ ᠤᠨ ᠲᠤᠭᠤᠷᠢᠭ ᠪᠠᠶᠢᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠲᠠᠪᠤᠨ ᠱᠠᠲᠤᠨ ᠤ ᠳᠠᠭᠠᠭᠠᠴᠢᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠨ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠪᠠ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠨᠡᠶᠢᠭᠡᠮ ᠲᠣᠭᠤᠷᠢᠭ ᠤᠨ ᠲᠣᠭᠲᠠᠭᠤᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯ ᠤᠨ ᠬᠡᠪ ᠤᠨ ᠪᠠᠶᠢᠳᠠᠯ ᠢ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠪᠠ᠃ ᠬᠤᠪᠸᠢ ᠮᠤᠵᠢ ᠶᠢᠨ ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ ᠳᠠᠷᠠᠭᠠᠬᠢ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ᠂ 2020 ᠣᠨ ᠤ ᠦᠬᠠᠨ ᠢ ᠬᠠᠮᠠᠭᠠᠯᠠᠬᠤ ᠳᠠᠶᠢᠯᠠᠯᠳᠤᠭᠠᠨ ᠢᠯᠠᠯᠲᠠ ᠣᠯᠤᠭᠰᠠᠨ ᠠᠴᠠ ᠨᠠᠭᠠᠰᠢ᠂ ᠦᠬᠠᠨ ᠳᠤ ᠪᠠᠰᠠ ᠣᠯᠠᠨ ᠤᠳᠠᠭ᠎ᠠ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠲᠤᠯᠭᠠᠷᠠᠭᠰᠠᠨ ᠪᠣᠯᠪᠠᠴᠤ ᠮᠠᠰᠢ ᠲᠦᠷᠭᠡᠨ ᠡᠵᠡᠮᠳᠡᠵᠦ᠂ ᠶᠡᠭᠡ ᠬᠡᠪᠴᠢᠶ᠎ᠠ ᠪᠠᠷ ᠳᠠᠬᠢᠨ ᠳᠡᠯᠭᠡᠷᠡᠭᠰᠡᠨ ᠥᠬᠡᠶ᠃ ᠦᠬᠠᠨ ᠬᠤᠲᠠ ᠶᠢᠨ ᠬᠢᠨ ᠪᠠᠶᠢᠡᠭᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠡᠶ᠂ ᠲᠤᠷᠰᠢᠯᠭ᠎ᠠ ᠶᠢ ᠳ᠋ᠦᠩᠨᠡᠭᠦᠰᠢᠲᠡᠶ ᠶᠤᠮ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠪᠣᠯ ᠵᠥᠪ᠂ ᠪᠦᠲᠦᠮᠵᠢᠲᠡᠢ ᠶᠤᠮ᠂ ᠡᠷᠬᠡᠪᠰᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠤ ᠴᠢᠬᠤᠯᠠᠴᠢᠯᠠᠪᠠ᠃      ᠰᠢ ᠶᠢᠨ ᠫᠢᠩ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠴᠢᠳ ᠤᠨ ᠲᠢᠩᠬᠢᠮ ᠳᠤ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠳ ᠠᠴᠠ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠲᠡᠳᠡᠨ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠬᠠᠰᠢᠯᠭ᠎ᠠ ᠪᠠᠨ ᠪᠠᠬᠢᠯᠡᠵᠦ᠂ ᠰᠠᠭᠤᠭᠠᠯᠢ ᠠᠷᠠᠳ ᠲᠤ ᠰᠠᠨᠠᠭ᠎ᠠ ᠠᠮᠤᠷ ᠦᠯᠵᠠᠢ ᠪᠡᠯᠭᠡ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠭᠠᠷᠠᠶ ᠭᠡᠵᠦ ᠵᠣᠷᠢᠭᠵᠢᠭᠤᠯᠪᠠ᠃ ᠰᠢ ᠶᠢᠨ ᠫᠢᠩ ᠨᠡᠶᠢᠭᠡᠮ ᠲᠣᠭᠤᠷᠢᠭ ᠲᠤ ᠶᠠᠪᠤᠬᠤ ᠶᠢᠨ ᠳᠠᠭᠠᠤ ᠦᠵᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠥᠯᠢᠭᠡᠷ ᠠᠪᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠤᠲᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠬᠢᠵᠢᠭ ᠤᠨ ᠪᠠᠶᠢᠳᠠᠯ ᠢ ᠠᠷᠭᠠᠴᠠᠭᠠᠬᠤ ᠲᠡᠮᠡᠴᠡᠯ ᠳᠤᠮᠳᠠ᠂ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠵᠢᠯ ᠴᠤ ᠲᠡᠷᠡ ᠂ ᠨᠡᠶᠢᠭᠡᠮ ᠲᠣᠭᠤᠷᠢᠭ ᠪᠦᠷ ᠮᠠᠰᠢ ᠴᠢᠬᠤᠯᠠ ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ ᠠᠪᠴᠤ ᠬᠡᠯᠡᠪᠡᠯ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠳᠤ ᠲᠦᠰᠢᠭᠯᠡᠬᠦ ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ ᠳᠤ ᠲᠦᠰᠢᠭᠯᠡᠬᠦ ᠬᠡᠷᠡᠭᠲᠡᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ ᠰᠠᠭᠤᠷᠢ ᠳᠤ ᠲᠦᠰᠢᠭᠯᠡᠬᠦ ᠬᠡᠷᠡᠭᠲᠡᠢ᠃ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠵᠠᠪᠠᠯ ᠡᠷᠡᠰ ᠰᠢᠭᠤᠷᠬᠠᠢ᠂ ᠲᠠᠲᠠᠭᠠᠯᠵᠠᠵᠤ ᠪᠣᠯᠬᠤ ᠦᠭᠡᠢ᠂ ᠰᠢᠨᠵᠢᠯᠡᠬᠦ ᠤᠬᠠᠭᠠᠨᠴᠢ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠭᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃      ᡁᠢ ᠶᠤᠸᠠᠨ ᠨᠡᠶᠢᠭᠡᠮ ᠲᠣᠭᠤᠷᠢᠭ ᠨᠢ ᠨᠠᠰᠤᠵᠢᠯ ᠤᠨ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠠᠰᠤᠵᠢᠯ ᠤᠨ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠬᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠦᠶᠯᠡᠴᠢᠯᠡᠭᠡᠨ ᠤ ᠵᠠᠭᠪᠤᠷ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠲᠤ᠂ ᠰᠢ ᠶᠢᠨ ᠫᠢᠩ ᠨᠡᠶᠢᠭᠡᠮ ᠲᠣᠭᠤᠷᠢᠭ ᠤᠨ ᠠᠵᠢᠯᠲᠠᠳ ᠠᠴᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠵᠢᠴᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠬᠥᠲᠥᠯᠥᠨ ᠳᠠᠭᠠᠭᠤᠯᠤᠭᠰᠠᠨ ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ ᠠᠵᠢᠯ ᠶᠠᠪᠤᠳᠠᠯ ᠭᠦᠶᠴᠡᠳᠭᠡᠬᠦ ᠪᠠᠷ ᠢᠷᠡᠭᠰᠡᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ ᠢ ᠨᠠᠷᠢᠨ ᠠᠰᠠᠭᠤᠪᠠ᠃ ᠰᠢ ᠶᠢᠨ ᠫᠢᠩ᠂ ᠨᠡᠶᠢᠭᠡᠮ ᠲᠣᠭᠤᠷᠢᠭ ᠪᠣᠯ ᠬᠤᠳᠠ ᠶᠢᠨ ᠵᠠᠰᠠᠯᠲᠠ ᠶᠢᠨ ᠰᠢᠰᠲ᠋ᠧᠮ ᠤᠨ ᠦᠨᠳᠦᠰᠦᠨ ᠨᠢᠭᠡᠴᠢ ᠪᠣᠯᠤᠨ᠎ᠠ᠃ ᠮᠠᠨ ᠤ ᠤᠯᠤᠰ ᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ ᠨᠢᠭᠡ ᠳᠠᠪᠠᠭᠤᠯᠢᠭ ᠪᠣᠯ ᠳᠠᠷᠤᠢ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤ ᠴᠣᠭᠴᠠᠯᠠᠬᠤ ᠶᠠᠪᠤᠳᠠᠯ ᠪᠣᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤᠮᠳᠠᠬᠢ ᠤᠳᠤᠷᠢᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠪᠠᠭᠤᠯᠭᠠᠵᠤ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠣᠯᠤᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠵᠠᠰᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠺᠠᠳ᠋ᠷ ᠤᠯᠠᠨ ᠲᠦᠮᠡᠨ ᠬᠦᠷᠢᠶᠡᠯᠡᠨ ᠢᠷᠡᠵᠤ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠪᠢ ᠦᠬᠠᠨ ᠤ ᠠᠷᠠᠳ ᠲᠦᠮᠡᠨ ᠤ ᠲᠥᠯᠥᠭᠡ ᠰᠠᠨᠠᠭᠠᠰᠢᠷᠠᠵᠤ᠂ ᠬᠤᠶᠠᠷ ᠵᠢᠯ ᠠᠯᠤᠰᠯᠠᠭᠠᠳ ᠦᠬᠠᠨ ᠭᠡᠬᠦ ᠡᠨᠡ ᠬᠦ ᠪᠠᠭᠠᠲᠤᠷᠯᠢᠭ ᠬᠤᠳᠠ ᠳᠤ ᠳᠠᠬᠢᠨᠲᠠ ᠢᠷᠡᠵᠤ ᠤᠯᠠᠨ ᠢ ᠪᠣᠯᠭᠤᠭᠠᠨ ᠦᠵᠡᠪᠡ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠷᠭᠡᠨ ᠤᠯᠠᠨ ᠨᠡᠶᠢᠭᠡᠮ ᠲᠣᠭᠤᠷᠢᠭ ᠤᠨ ᠠᠵᠢᠯᠳᠠᠨ ᠤᠷᠳᠤ ᠬᠤᠭᠤᠴᠠᠭ᠎ᠠ ᠪᠠᠷ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠶᠡᠭᠡ ᠬᠡᠮᠵᠢᠶᠡᠨ ᠤ ᠶᠠᠷᠰᠢᠭ ᠲᠦᠪᠡᠭ ᠲᠠᠢ ᠪᠣᠳᠠᠲᠠᠢ ᠠᠵᠢᠯ ᠢ ᠡᠭᠦᠷᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠰᠡᠳᠭᠢᠯ ᠠᠴᠠ ᠪᠠᠨ ᠦᠢᠯᠡᠴᠢᠯᠡᠵᠦ᠂ ᠮᠠᠰᠢ ᠵᠦᠳᠡᠷᠡᠯᠲᠡᠢ ᠪᠠᠶᠢᠵᠤ᠂ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ ᠶᠤᠮ᠃ ᠠᠳᠡ ᠪᠢ ᠲᠠ ᠪᠦᠬᠦᠨ ᠳᠤ ᠲᠡᠷᠡᠴᠢᠯᠡᠨ ᠪᠦᠬᠦ ᠤᠯᠤᠰ ᠤᠨ ᠥᠷᠭᠡᠨ ᠤᠯᠠᠨ ᠨᠡᠶᠢᠭᠡᠮ ᠲᠣᠭᠤᠷᠢᠭ ᠤᠨ ᠠᠵᠢᠯᠳᠠᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠶ᠎ᠡ ᠭᠡᠵᠦ ᠤᠯᠠᠨ ᠳᠤ ᠬᠡᠯᠡᠪᠡ᠃      ᠰᠢ ᠶᠢᠨ ᠫᠢᠩ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠨᠢᠭᠡ ᠤᠳᠠᠭ᠎ᠠ ᠶᠢᠨ ᠶᠡᠭᠡ ᠰᠢᠯᠭᠠᠯᠲᠠ ᠮᠥᠨ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠵᠣᠬᠢᠴᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠮᠠᠨ ᠤ ᠤᠯᠤᠰ ᠤᠨ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ ︽ᠬᠠᠮᠲᠤ ᠶᠢᠨ ᠡᠭᠡᠯᠢᠯᠡᠭᠡ︾᠂ ︽ᠬᠠᠷᠠᠵᠥ ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠥᠭᠰᠡᠨ ᠪᠤᠯ ᠦᠷ᠎ᠡ ᠳ᠋ᠦᠩ ᠨᠢ ᠰᠡᠳᠭᠢᠭᠳᠡᠰᠢ ᠥᠬᠡᠶ ᠪᠤᠯᠬᠤ ᠶᠤᠮ᠃ ᠪᠢᠳᠡ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠨᠠᠮ ᠤᠨ ᠲᠥᠪ ᠬᠤᠷᠢᠶ᠎ᠠ ᠨᠠᠮ ᠤᠨ ᠰᠢᠨᠵᠢ ᠴᠢᠨᠠᠷ ᠵᠣᠷᠢᠯᠲᠠ ᠠᠴᠠ ᠡᠭᠦᠰᠴᠦ᠂ ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠴᠦ ᠲᠣᠭᠲᠠᠭᠠᠭᠰᠠᠨ ᠶᠤᠮ᠂ ᠠᠵᠤ ᠠᠬᠤᠶ ᠶᠢᠨ ᠬᠥᠭᠵᠢᠯᠲᠡ ᠶᠢ ᠲᠦᠷ ᠴᠠᠭ ᠵᠢᠭᠠᠬᠠᠨ ᠨᠥᠯᠥᠭᠡᠯᠡᠭᠰᠡᠨ ᠴᠦ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠤᠬᠢᠷᠠᠭᠤᠯᠵᠤ ᠪᠣᠯᠬᠤ ᠥᠬᠡᠶ᠂ ᠢᠯᠠᠩᠭᠤᠶ᠎ᠠ ᠨᠠᠰᠤᠲᠠᠶᠢᠴᠤᠳ᠂ ᠬᠡᠦᠬᠡᠳ ᠢ ᠰᠠᠶᠢᠲᠤᠷ ᠬᠠᠮᠠᠭᠠᠯᠠᠬᠤ ᠬᠡᠷᠡᠭᠲᠡᠶ᠃ ᠬᠡᠷᠪᠡ ᠶᠡᠷᠦᠩᠬᠡᠶ ᠳᠠᠩᠰᠠ ᠶᠢ ᠪᠤᠳᠤᠪᠠᠯ᠂ ᠮᠠᠨ ᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯ ᠬᠠᠮᠤᠭ ᠤᠨ ᠬᠢᠮᠳᠠ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ ᠶᠤᠮ᠃ ᠪᠢᠳᠡᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠠᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ ᠦᠨᠳᠦᠰᠦᠨ ᠱᠠᠲᠤᠨ ᠤ ᠰᠠᠭᠤᠷᠢ ᠲᠠᠢ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢ ᠲᠠᠢ ᠮᠥᠷᠲᠡᠭᠡᠨ ᠪᠣᠳᠠᠲᠤ ᠬᠦᠴᠦᠨ ᠲᠠᠢ ᠪᠠᠶᠢᠵᠤ᠂ ᠡᠴᠦᠰ ᠲᠤ ᠪᠠᠨ ᠢᠯᠠᠯᠲᠠ ᠶᠢ ᠣᠯᠬᠤ ᠶᠤᠮ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ ᠬᠢᠵᠢᠭ ᠤᠨ ᠪᠠᠶᠢᠳᠠᠯ ᠬᠠᠷᠠᠬᠠᠨ ᠠᠷᠢᠯᠤᠭᠠᠳᠤᠢ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠪᠠᠰᠠ ᠮᠠᠰᠢ ᠶᠡᠭᠡ ᠪᠠᠶᠢᠨ᠎ᠠ᠃ ᠪᠠᠷᠢᠮᠲᠠᠯᠠᠯ ᠪᠣᠯ ᠢᠯᠠᠯᠲᠠ ᠮᠦᠨ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠰᠤᠯᠠᠷᠠᠬᠤ ᠰᠡᠳᠭᠢᠯᠭᠡ ᠶᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠬᠤ ᠶᠢᠨ ᠬᠠᠮᠲᠤ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠯᠢ ᠴᠢᠳᠠᠬᠤ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠭ᠎ᠠ ᠪᠤᠳᠤᠨ ᠠᠷᠠᠳ ᠤᠯᠠᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠪᠠᠭ᠎ᠠ ᠨᠥᠯᠥᠭᠡ ᠦᠵᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠳᠤ ᠢᠲᠡᠭᠡᠯ ᠲᠠᠢ ᠪᠠᠶᠢᠨ᠎ᠠ᠂ ᠡᠨᠡ ᠵᠢᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠨᠡᠯᠢᠶᠡᠳ ᠰᠠᠶᠢᠨ ᠲᠦᠪᠰᠢᠨ ᠳᠤ ᠬᠦᠷᠬᠦ ᠪᠠᠷ ᠴᠢᠷᠮᠠᠶᠢᠬᠤ ᠬᠡᠷᠡᠭᠳᠡᠢ ᠭᠡᠵᠦ ᠵᠢᠭᠠᠵᠤ ᠭᠠᠷᠭᠠᠪᠠ᠃      ᠳ᠋ᠢᠩ ᠰᠢᠤᠸᠠᠢ ᠰᠢᠶᠠᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号