ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽7 + 3︾ ᠪᠣᠯᠭᠠᠨ ᠲᠣᠬᠢᠷᠠᠭᠤᠯᠵᠤ᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠤ ᠦᠭᠡ ᠦᠯᠡᠳᠡᠭᠡᠬᠦ ᠰᠠᠮᠪᠠᠷ᠎ᠠ ᠲᠣᠬᠢᠷᠠᠭᠤᠯᠪᠠ ᠁ ᠬᠠᠮᠤᠭ ᠤᠨ ᠰᠢᠨ᠎ᠡ ᠮᠡᠳᠡᠭᠡᠯᠡᠯ︕
ᠨᠡᠶᠢᠲᠡᠯᠡᠭᠰᠡᠨ ᠴᠠᠭ᠄
2022/7/5
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠳᠤᠷ ᠬᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠴᠠᠭᠠᠶ᠎ᠠ︕      ᠣᠶᠢᠷ᠎ᠠ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ      ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ ᠭᠤᠣᠯᠳᠠᠭᠤ ᠳᠣᠣᠷᠠᠬᠢ ᠮᠡᠲᠦ ᠣᠨᠴᠠᠯᠢᠭ ᠢᠯᠡᠷᠡᠪᠡ᠄ ᠨᠢᠭᠡ ᠳᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ᠃ 6 ᠳ᠋ᠤᠭᠠᠷ ᠰᠠᠷ᠎ᠠ ᠶᠢᠨ 18 ᠤ ᠡᠳᠦᠷ ᠠᠴᠠ ᠨᠠᠭᠠᠰᠢ᠂ ᠪᠥᠬᠦ ᠤᠯᠤᠰ ᠤᠨ ᠡᠳᠦᠷ ᠪᠦᠷᠢ ᠶᠢᠨ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠴᠥᠮ 50 ᠬᠥᠮᠥᠨ ᠠᠴᠠ ᠳᠣᠣᠷ᠎ᠠ ᠪᠣᠯᠵᠤ᠂ ᠣᠶᠢᠷ᠎ᠠ ᠶᠢᠨ ᠨᠢᠭᠡ ᠭᠠᠷᠠᠭ ︵6 ᠳ᠋ᠤᠭᠠᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ ︶ ᠪᠥᠬᠦ ᠤᠯᠤᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠬᠠᠯᠳᠠᠪᠤᠷᠢᠯᠠᠭᠰᠠᠳ 198 ᠪᠠᠶᠢᠵᠤ᠂ 10 ᠮᠤᠵᠢ᠂ 24 ᠲᠤᠰᠬᠠᠢ ᠣᠷᠣᠨ ᠤ ᠳᠡᠰ ᠤᠨ ᠬᠤᠲᠠ ᠳᠤ ᠬᠤᠯᠪᠣᠭᠳᠠᠵᠤ᠂ ᠳᠤᠮᠳᠠᠴᠢ ᠪᠠᠷ ᠡᠳᠦᠷ ᠪᠦᠷᠢ 25 ᠬᠥᠮᠥᠨ ᠢ ᠮᠡᠳᠡᠭᠦᠯᠵᠡᠢ᠃ ᠬᠤᠶᠠᠷ ᠲᠤ᠂ ᠣᠨᠴᠠ ᠵᠠᠷᠢᠮ ᠭᠠᠵᠠᠷ ᠣᠷᠣᠨ ᠳᠤ ᠦᠷᠭᠦᠯᠵᠢᠯᠡᠨ ᠬᠡᠰᠡᠭ ᠪᠤᠰᠠᠭ ᠢᠶᠠᠷ ᠨᠡᠶᠢᠭᠡᠮ ᠤᠨ ᠬᠠᠯᠳᠠᠪᠤᠷᠢᠯᠠᠯ ᠡᠭᠦᠰᠴᠦ᠂ ᠨᠡᠶᠢᠭᠡᠮ ᠲᠣᠭᠤᠷᠢᠭ ᠤᠨ ᠲᠠᠷᠬᠠᠭᠠᠯᠲᠠ ᠶᠢᠨ ᠲᠦᠭᠰᠢᠭᠦᠷᠢ ᠵᠣᠬᠢᠬᠤ ᠬᠡᠮᠵᠢᠶ᠎ᠡ ᠪᠠᠷ ᠣᠷᠣᠰᠢᠵᠤ ᠪᠠᠶᠢᠬᠤ ᠪᠥᠭᠡᠳ ᠬᠠᠯᠳᠠᠪᠤᠷᠢᠯᠠᠭᠳᠠᠭᠰᠠᠳ ᠤᠨ ᠬᠠᠮᠢᠶᠠᠷᠤᠨ ᠡᠵᠡᠮᠳᠡᠬᠦ ᠠᠴᠠ ᠡᠮᠦᠨᠡᠬᠢ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠨᠢ ᠨᠡᠯᠢᠶᠡᠳ ᠥᠷᠭᠡᠨ ᠪᠣᠯᠬᠤᠷ ᠵᠠᠷᠢᠮ ᠭᠠᠵᠠᠷ ᠣᠷᠣᠨ ᠳᠤ ᠬᠠᠯᠳᠠᠪᠤᠷᠢᠯᠠᠯ ᠢ ᠲᠡᠭ ᠪᠣᠯᠭᠠᠬᠤ ᠳᠤ ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠰᠤᠨᠵᠢᠷᠠᠯ ᠤᠨ ᠬᠤᠭᠤᠴᠠᠭ᠎ᠠ ᠶᠢ ᠪᠤᠢ ᠪᠣᠯᠭᠠᠭᠰᠠᠨ ᠪᠠᠶᠢᠨ᠎ᠠ᠃ ᠭᠤᠷᠪᠠ ᠳᠤ᠂ ᠣᠮᠢᠺᠧᠷᠣᠨ BA.2 ᠪᠣᠯ ᠮᠥᠨ ᠬᠦ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠭᠤᠣᠯ ᠪᠣᠯᠬᠤ ᠸᠢᠷᠦ᠋ᠰ ᠮᠥᠨ᠂ ᠭᠡᠪᠡᠴᠦ ᠣᠮᠢᠺᠧᠷᠣᠨ BA.4 ᠪᠠ BA.5 ᠶᠢᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠬᠤ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠂ ᠤᠴᠢᠷ ᠨᠢ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠠᠴᠠ BA.4 ᠪᠠ BA.5 ᠶᠢ ᠣᠯᠵᠤ ᠮᠡᠳᠡᠭᠰᠡᠨ ᠪᠥᠭᠡᠳ ᠲᠠᠰᠤᠷᠠᠯᠲᠠ ᠦᠭᠡᠢ ᠨᠡᠮᠡᠭᠳᠡᠬᠦ ᠬᠠᠨᠳᠤᠰᠢ ᠲᠠᠢ ᠪᠠᠶᠢᠨ᠎ᠠ᠃      ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 + 7︾ ᠪᠠᠶᠢᠭᠰᠠᠨ ᠠᠴᠠ ︽7 + 3︾ ᠪᠣᠯᠭᠠᠨ ᠲᠣᠬᠢᠷᠠᠭᠤᠯᠪᠠ      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠳᠤ ᠲᠦᠭᠰᠢᠭᠦᠷᠢᠲᠦ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠪᠠ᠃ ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠠᠶᠢᠭᠰᠠᠨ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠣᠯᠭᠠᠨ ᠲᠣᠬᠢᠷᠠᠭᠤᠯᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ︽ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 4᠂ 7᠂ 14 ᠳ᠋ᠦ᠋ᠭᠡᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠬᠠᠮᠠᠷ ᠤᠨ ᠬᠥᠨᠳᠡᠢ ᠶᠢᠨ ᠵᠦᠯᠭᠦᠭᠦᠷ ᠴᠤᠭᠯᠠᠭᠤᠯᠬᠤ᠂ ᠲᠤᠰᠠᠭᠠᠷᠯᠠᠬᠤ ᠶᠢ ᠲᠠᠶᠢᠯᠬᠤ ᠠᠴᠠ ᠡᠮᠦᠨ᠎ᠡ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ︾ ᠠᠴᠠ ︽ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 2᠂ 3᠂ 5᠂ 7 ᠳ᠋ᠤᠭᠠᠷ ᠡᠳᠦᠷ ᠪᠠ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠭᠰᠡᠨ ᠤ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠠᠮᠠᠨ ᠬᠥᠨᠳᠡᠢ ᠶᠢᠨ ᠵᠦᠯᠭᠦᠭᠦᠷ ᠴᠤᠭᠯᠠᠭᠤᠯᠬᠤ︾ ᠪᠣᠯᠭᠠᠨ ᠲᠣᠬᠢᠷᠠᠭᠤᠯᠵᠤ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ ᠲᠠᠶᠢᠯᠬᠤ ᠠᠴᠠ ᠡᠮᠦᠨ᠎ᠡ ᠳᠠᠭᠢᠵᠤ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ ᠴᠢᠬᠤᠯᠠ ᠦᠭᠡᠢ᠃ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠭᠥᠯᠢᠶᠡᠨ ᠠᠪᠴᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠠᠶᠢᠭᠰᠠᠨ ᠠᠴᠠ ︽7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠣᠯᠭᠠᠨ ᠲᠣᠬᠢᠷᠠᠭᠤᠯᠵᠤ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠲᠠᠭᠠᠪᠠ᠃      ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠥᠨᠳᠥᠷ ᠳᠤᠮᠳᠠ ᠪᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠳᠣᠣᠷᠠᠬᠢ ᠮᠡᠲᠦ ᠵᠠᠭᠠᠭᠯᠠᠨ ᠲᠣᠭᠲᠠᠭᠠᠬᠤ ᠪᠠ ᠰᠡᠷᠭᠡᠶᠢᠯᠡᠨ ᠡᠵᠡᠮᠳᠡᠨ᠎ᠡ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠪᠡ᠃ ᠥᠩᠭᠡᠷᠡᠭᠰᠡᠨ ᠳᠤ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠᠶᠢᠵᠠᠢ᠂ ᠨᠢᠭᠡ ᠲᠥᠷᠥᠯ ᠨᠢ ᠥᠨᠳᠥᠷ᠂ ᠳᠤᠮᠳᠠ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ᠂ ᠨᠥᠭᠦᠭᠡ ᠲᠥᠷᠥᠯ ᠨᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠨ ᠡᠵᠡᠮᠳᠡᠬᠦ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠪᠣᠯᠣᠨ᠎ᠠ᠃ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠯᠴᠠᠭᠤᠯᠤᠨ ᠵᠣᠬᠢᠴᠠᠯᠳᠤᠭᠤᠯᠵᠤ᠂ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠤᠬᠠᠭᠳᠠᠬᠤᠨ ᠢ ᠡᠮᠬᠢᠯᠡᠨ ᠨᠡᠶᠢᠯᠡᠭᠦᠯᠵᠦ ᠨᠢᠭᠡᠳᠦᠯᠲᠡᠢ ᠬᠡᠷᠡᠭᠯᠡᠨ᠂ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ ᠪᠣᠯᠭᠠᠪᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ ᠵᠢᠴᠢ ᠠᠵᠢᠯᠯᠠᠭ᠎ᠠ ᠨᠢ ᠣᠯᠠᠨ ᠪᠥᠭᠡᠳ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ ᠠᠵᠢᠯᠯᠠᠬᠤ ᠭᠠᠵᠠᠷ᠂ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠣᠶ᠃      ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠷᠴᠢᠮ ᠳᠡᠭᠡᠷ᠎ᠡ ᠪᠠᠨ ᠣᠷᠣᠰᠢᠨ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠪᠤᠶᠤ ᠲᠣᠰᠬᠤᠨ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠵᠤ᠂ ᠲᠦᠭᠰᠢᠭᠦᠷᠢᠲᠦ ᠣᠷᠣᠨ ᠪᠦᠰᠡ ᠶᠢᠨ ᠬᠡᠪᠴᠢᠶ᠎ᠡ ᠳᠤ ᠲᠣᠬᠢᠷᠠᠭᠤᠯᠤᠯᠲᠠ ᠬᠢᠵᠦ ᠪᠣᠯᠣᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤ ᠨᠢ ᠬᠦᠷᠴᠦ ᠦᠢᠯᠡᠴᠢᠯᠡᠭᠡ ᠬᠠᠩᠭᠠᠬᠤ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠂ ᠡᠭᠦᠨ ᠤ ᠳᠠᠷᠠᠭ᠎ᠠ ᠬᠡᠷᠪᠡ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠭᠰᠠᠨ 1᠂ 2᠂ 3᠂ 5᠂ 7 ᠳ᠋ᠤᠭᠠᠷ ᠡᠳᠦᠷ ᠲᠤ ᠲᠣᠰ ᠲᠤᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃      ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠵᠣᠬᠢᠬᠤ ᠬᠤᠭᠤᠴᠠᠭ᠎ᠠ ᠪᠠᠷ ᠪᠠᠶᠢᠭᠰᠠᠨ ᠪᠠ ᠠᠵᠢᠯᠯᠠᠭ᠎ᠠ ᠬᠢᠭᠰᠡᠨ ᠭᠠᠵᠠᠷ ᠮᠥᠷᠲᠡᠭᠡᠨ ᠬᠢᠵᠢᠭ ᠤᠨ ᠪᠠᠶᠢᠳᠠᠯ ᠲᠠᠷᠬᠠᠵᠤ ᠮᠡᠳᠡᠬᠦ ᠲᠦᠭᠰᠢᠭᠦᠷᠢ ᠲᠠᠢ ᠠᠵᠢᠯᠯᠠᠬᠤ ᠭᠠᠵᠠᠷ ᠪᠠ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠠᠶᠢᠨ᠎ᠠ᠃ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠡᠪᠴᠢᠶ᠎ᠡ ᠶᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠠᠭᠠᠭᠯᠠᠨ ᠲᠣᠭᠲᠠᠭᠠᠨ᠎ᠠ᠃ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠥᠮᠥᠨ ᠨᠢ ᠲᠣᠭᠤᠷᠢᠭ ᠠᠴᠠ ᠪᠠᠨ ᠭᠠᠷᠬᠤ ᠦᠭᠡᠢ᠂ ᠣᠷᠭᠢᠯ ᠦᠶ᠎ᠡ ᠠᠴᠠ ᠵᠠᠶᠢᠯᠠᠵᠤ ᠡᠳ᠋ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠬᠡᠷᠪᠡ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠠᠶᠢᠪᠠᠯ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭᠠᠨ ᠤ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠡᠷᠪᠡ ᠭᠡᠷ ᠲᠤ ᠪᠠᠨ ᠰᠠᠭᠤᠵᠤ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃      ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢᠶᠠᠷ ᠬᠤᠪᠢᠶᠠᠷᠢᠯᠠᠨ ᠲᠣᠭᠲᠠᠭᠠᠨ᠎ᠠ᠃ ᠬᠢᠵᠢᠭ ᠤᠨ ᠪᠠᠶᠢᠳᠠᠯ ᠭᠠᠷᠤᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠣᠶ ᠪᠦᠬᠦᠢ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠬᠡᠪᠴᠢᠶᠡᠨ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠤ᠂ ᠬᠡᠷᠪᠡ ᠣᠨᠴᠠ ᠵᠠᠷᠢᠮ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ᠂ ᠠᠵᠢᠯᠯᠠᠵᠤ ᠪᠠᠶᠢᠭ᠎ᠠ ᠭᠠᠵᠠᠷ᠂ ᠠᠵᠢᠯᠯᠠᠭ᠎ᠠ ᠬᠢᠭᠰᠡᠨ ᠣᠷᠣᠨ ᠪᠦᠰᠡ ᠳᠠᠬᠢ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠳᠣᠣᠷ᠎ᠠ᠂ ᠨᠢᠭᠲᠠ ᠣᠶᠢᠷᠠᠲᠤᠭᠰᠠᠳ ᠢ ᠨᠢ ᠨᠢᠭᠡᠨᠲᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ᠂ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠦᠭᠡᠢ ᠪᠠᠶᠢᠪᠠᠯ᠂ ᠲᠦᠭᠰᠢᠭᠦᠷᠢᠲᠦ ᠣᠷᠣᠨ ᠪᠦᠰᠡ ᠪᠠᠷ ᠵᠠᠭᠠᠭᠯᠠᠨ ᠲᠣᠭᠲᠠᠭᠠᠬᠤ ᠦᠭᠡᠢ ᠪᠠᠶᠢᠵᠤ ᠪᠣᠯᠣᠨ᠎ᠠ᠃      ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠣᠷᠣᠨ ᠪᠦᠰᠡ ᠠᠯᠤᠰᠯᠠᠨ ᠭᠠᠳᠠᠭᠰᠢ ᠭᠠᠷᠬᠤ ᠳᠤ ᠲᠤᠰᠠᠭᠠᠷᠯᠠᠬᠤ ᠴᠢᠬᠤᠯᠠ ᠦᠭᠡᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠨ᠎ᠠ᠃          ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠬᠡᠷᠪᠡ ᠪᠠᠶᠢᠭ᠎ᠠ ᠭᠠᠵᠠᠷ ᠣᠷᠣᠨ ᠪᠤᠶᠤ ᠬᠤᠲᠠ ᠠᠴᠠ ᠪᠠᠨ ᠰᠠᠯᠪᠠᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠶᠠᠪᠤᠬᠤ ᠬᠡᠷᠡᠭᠲᠡᠢ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠴᠢᠬᠤᠯᠠ ᠦᠭᠡᠢ᠂ ᠭᠡᠪᠡᠴᠦ 3 ᠡᠳᠦᠷ ᠤᠨ ᠳᠣᠲᠣᠷ᠎ᠠ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠰᠠᠶᠢᠲᠤᠷ ᠬᠢᠬᠦ ᠶᠢ ᠱᠠᠭᠠᠷᠳᠠᠨ᠎ᠠ᠃      ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠨᠢᠭᠲᠠ ᠣᠶᠢᠷᠠᠲᠤᠭᠰᠠᠳ ᠤᠨ ᠲᠤᠰᠠᠭᠠᠷᠯᠠᠬᠤ ᠬᠤᠭᠤᠴᠠᠭ᠎ᠠ ᠶᠢ ᠪᠣᠭᠤᠨᠢᠰᠬᠠᠵᠤ ᠪᠠᠶᠢᠭ᠎ᠠ ᠨᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ ᠪᠢᠰᠢ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠨᠢᠭᠲᠠ ᠣᠶᠢᠷᠠᠲᠤᠭᠰᠠᠳ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠤᠨ ᠲᠤᠰᠠᠭᠠᠷᠯᠠᠬᠤ ᠬᠤᠭᠤᠴᠠᠭ᠎ᠠ ᠶᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠣᠯᠭᠠᠨ ᠲᠣᠬᠢᠷᠠᠭᠤᠯᠤᠭᠰᠠᠨ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ︽ᠠᠭᠤᠵᠢᠭᠤ︾ ᠪᠣᠯᠭᠠᠭᠰᠠᠨ ᠢ ᠬᠠᠷᠠᠭᠤᠯᠵᠤ ᠪᠠᠶᠢᠭ᠎ᠠ ᠪᠢᠰᠢ᠃ ᠡᠨᠡ ᠨᠢ ᠤᠮᠢᠺᠧᠷᠤᠨ ᠤ ᠣᠨᠳᠣᠣᠰᠢᠭᠰᠠᠨ ᠸᠢᠷᠦ᠋ᠰ ᠤᠨ ᠲᠠᠷᠬᠠᠭᠠᠬᠤ ᠣᠨᠴᠠᠯᠢᠭ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ ᠠᠴᠠ ᠪᠢᠰᠢ᠂ ᠰᠡᠷᠭᠡᠶᠢᠯᠡᠨ ᠡᠵᠡᠮᠳᠡᠬᠦ ᠡᠷᠴᠢᠮ ᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ ᠪᠢᠰᠢ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ᠂ ᠤᠯᠠᠮ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢᠨ ᠢᠯᠡᠷᠡᠯ ᠮᠥᠨ᠃ ᠡᠭᠦᠨ ᠳᠤ ᠱᠠᠭᠠᠷᠳᠠᠯᠭ᠎ᠠ ᠨᠢ ᠨᠠᠩ ᠥᠨᠳᠥᠷ ᠪᠣᠯᠵᠤ᠂ ᠨᠠᠩ ᠵᠢᠷᠤᠮᠵᠢᠭᠤᠨ᠂ ᠨᠠᠩ ᠣᠨᠣᠪᠴᠢᠲᠠᠶ᠂ ᠨᠠᠩ ᠲᠦᠷᠭᠡᠨ ᠪᠠᠶᠢᠬᠤ ᠶᠢ ᠱᠠᠭᠠᠷᠳᠠᠵᠤ ᠪᠤᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠵᠠᠩᠭᠢᠯᠠᠭ᠎ᠠ ᠨᠢ ᠬᠠᠮᠢᠶᠠᠷᠬᠤ ᠴᠢᠬᠤᠯᠠ ᠲᠠᠢ ᠭᠤᠣᠯᠳᠠᠯᠭ᠎ᠠ ᠲᠠᠢ ᠲᠦᠭᠰᠢᠭᠦᠷᠢ ᠶᠢ ᠰᠠᠶᠢᠲᠤᠷ ᠬᠠᠮᠢᠶᠠᠷᠴᠤ᠂ ᠨᠠᠶᠢᠳᠠᠪᠤᠷᠢᠵᠢᠭᠤᠯᠬᠤ ᠴᠢᠬᠤᠯᠠᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠡᠷᠡᠰ ᠬᠦᠴᠦᠨ ᠦᠭᠡᠢ ᠪᠣᠯᠭᠠᠬᠤ ᠶᠠᠪᠤᠳᠠᠯ ᠪᠣᠯᠣᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠥᠷᠪᠢᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠢ ᠭᠦᠢᠴᠡᠳ ᠠᠰᠢᠭᠯᠠᠨ᠂ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠠᠵᠢᠯᠯᠠᠬᠤ ᠳᠤᠭᠤᠶᠢᠯᠠᠩ ᠲᠣᠮᠢᠯᠠᠵᠤ᠂ ᠣᠷᠣᠨ ᠨᠤᠲᠤᠭ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠪᠠᠷ ᠪᠤᠢ᠃      ᠣᠳᠣᠬᠠᠨ ᠳᠤ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠪᠥᠬᠦ ᠠᠭᠤᠯᠭ᠎ᠠ ᠳᠤ ᠲᠠᠶᠢᠯᠤᠮᠵᠢ ᠬᠢᠭᠰᠡᠨ ᠪᠢᠴᠢᠭ ᠮᠠᠲ᠋ᠧᠷᠢᠶᠠᠯ ᠢ ᠨᠢᠭᠡᠨᠲᠡ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠳᠤ ᠲᠠᠯᠪᠢᠵᠤ᠂ ᠠᠷᠠᠳ ᠣᠯᠠᠨ ᠤ ᠪᠠᠭᠤᠯᠭᠠᠨ ᠠᠪᠴᠤ ᠪᠠᠶᠢᠴᠠᠭᠠᠨ ᠦᠵᠡᠬᠦ ᠳᠤ ᠪᠡᠯᠡᠬᠡᠨ ᠪᠣᠯᠭᠠᠪᠠ᠃      ᠣᠳᠣᠬᠠᠨ ᠤ ᠡᠨᠡ ᠬᠦ ᠬᠤᠭᠤᠴᠠᠭᠠᠨ ᠳᠤ ᠰᠢᠨ᠎ᠡ ᠬᠡᠯᠪᠡᠷᠢ ᠶᠢᠨ ᠰᠡᠷᠭᠡᠶᠢᠯᠡᠨ ᠡᠵᠡᠮᠳᠡᠬᠦ ᠲᠥᠰᠥᠯ ᠢ ᠨᠡᠶᠢᠲᠡᠯᠡᠭᠰᠡᠨ ᠨᠢ ᠭᠤᠷᠪᠠᠨ ᠲᠠᠯ᠎ᠠ ᠠᠴᠠ ᠪᠣᠳᠣᠯᠬᠢᠯᠠᠪᠠ      ᠨᠢᠭᠡ ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠳᠡᠯᠡᠬᠡᠢ ᠶᠢᠨ ᠬᠡᠪᠴᠢᠶᠡᠨ ᠳᠤ ᠦᠷᠭᠦᠯᠵᠢᠯᠡᠨ ᠳᠡᠯᠭᠡᠷᠡᠵᠦ ᠪᠠᠶᠢᠨ᠎ᠠ᠃ ᠡᠨᠡ ᠵᠢᠯ ᠠᠴᠠ ᠨᠠᠭᠠᠰᠢ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠳᠲᠡ ᠨᠡᠮᠡᠭᠳᠡᠵᠦ᠂ ᠬᠢᠵᠢᠭ ᠤᠨ ᠪᠠᠶᠢᠳᠠᠯ ᠤᠨ ᠬᠠᠮᠤᠷᠤᠭᠰᠠᠨ ᠭᠠᠵᠠᠷ ᠣᠷᠣᠨ ᠤ ᠬᠡᠪᠴᠢᠶ᠎ᠡ ᠨᠡᠯᠢᠶᠡᠳ ᠥᠷᠭᠡᠨ ᠪᠠᠶᠢᠵᠤ᠂ ᠢᠯᠠᠩᠭᠤᠶ᠎ᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠧᠢ ᠪᠣᠯᠣᠨ ᠬᠢᠯᠢ ᠶᠢᠨ ᠪᠣᠭᠤᠮᠲᠠ ᠶᠢᠨ ᠬᠤᠲᠠ ᠵᠡᠷᠭᠡ ᠳᠤ ᠳᠠᠭᠠᠷᠢᠯᠲᠠ ᠪᠣᠯᠵᠤ᠂ ᠮᠠᠨ ᠤ ᠤᠯᠤᠰ ᠤᠨ ︽ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠥᠷᠪᠢᠰᠬᠦ ᠶᠢ ᠰᠡᠷᠭᠡᠶᠢᠯᠡᠬᠦ︾ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠶᠢᠳᠠᠯ ᠨᠠᠩ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠣᠶᠢᠷ᠎ᠠ ᠶᠢᠨ ᠨᠢᠭᠡ ᠰᠠᠷ᠎ᠠ ᠶᠢᠨ ᠲᠤᠷᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠲᠠᠢ ᠭᠠᠵᠠᠷ ᠣᠷᠣᠨ ᠤ ᠲᠤᠭ᠎ᠠ ᠴᠤ ᠴᠥᠬᠡᠷᠡᠵᠦ᠂ ᠰᠡᠷᠭᠡᠶᠢᠯᠡᠨ ᠡᠵᠡᠮᠳᠡᠬᠦ ᠲᠥᠰᠥᠯ ᠢ ᠰᠢᠯᠢᠳᠡᠭᠵᠢᠭᠦᠯᠦᠨ ᠲᠣᠬᠢᠷᠠᠭᠤᠯᠬᠤ ᠳᠤ ᠴᠣᠩᠬᠤᠪᠴᠢ ᠶᠢᠨ ᠬᠤᠭᠤᠴᠠᠭ᠎ᠠ ᠶᠢ ᠡᠭᠦᠳᠴᠦ ᠥᠭᠭᠦᠭᠰᠡᠨ ᠪᠠᠶᠢᠨ᠎ᠠ᠃      ᠬᠤᠶᠠᠷ ᠲᠤ᠂ ᠸᠢᠷᠦ᠋ᠰ ᠤᠨ ᠣᠨᠳᠣᠣᠰᠢᠯ ᠤᠨ ᠣᠨᠴᠠᠯᠢᠭ᠃ ᠣᠮᠢᠺᠷᠦᠨ ᠤ ᠣᠨᠳᠣᠣᠰᠢᠭᠰᠠᠨ ᠸᠢᠷᠦ᠋ᠰ ᠨᠢ ᠨᠢᠭᠡᠨᠲᠡ ᠮᠠᠨ ᠤ ᠤᠯᠤᠰ ᠤᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠭᠰᠠᠨ ᠪᠠ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠳᠠᠪᠠᠭᠤᠯᠢᠭ ᠸᠢᠷᠦ᠋ᠰ ᠪᠣᠯᠤᠭᠰᠠᠨ ᠪᠠᠶᠢᠨ᠎ᠠ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ ᠨᠢᠭᠤᠭᠳᠠᠮᠠᠯ ᠬᠤᠭᠤᠴᠠᠭ᠎ᠠ ᠨᠢ ᠪᠣᠭᠤᠨᠢ ᠪᠣᠯᠵᠤ᠂ ᠣᠯᠠᠩᠬᠢ ᠨᠢ 2 — 4 ᠡᠳᠦᠷ ᠪᠠᠶᠢᠵᠤ᠂ ᠵᠣᠩᠬᠢᠯᠠᠬᠤ ᠬᠡᠰᠡᠭ ᠢ ᠨᠢ ᠴᠥᠮ 7 ᠡᠳᠦᠷ ᠤᠨ ᠳᠣᠲᠣᠷ᠎ᠠ ᠪᠠᠶᠢᠴᠠᠭᠠᠨ ᠭᠠᠷᠭᠠᠵᠤ ᠴᠢᠳᠠᠬᠤ ᠪᠣᠯᠵᠠᠢ᠃      ᠭᠤᠷᠪᠠ ᠳᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠲᠤᠬᠠᠢ ᠰᠤᠳᠤᠯᠤᠯ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 4 — 5 ᠳ᠋ᠤᠭᠠᠷ ᠰᠠᠷ᠎ᠠ ᠶᠢᠨ ᠬᠤᠭᠤᠷᠣᠨᠳᠤ ᠳ᠋ᠠᠯᠢᠶᠠᠨ᠂ ᠰᠦᠵᠧᠦ᠂ ᠨᠢᠩᠪᠦ᠋ᠸᠧ᠂ ᠰᠢᠶᠠᠮᠧᠨ᠂ ᠴᠢᠩᠳᠣᠣ᠂ ᠭᠤᠸᠠᠩᠵᠧᠦ ᠪᠣᠯᠣᠨ ᠴᠧᠩᠳᠦ᠋ ᠵᠡᠷᠭᠡ 7 ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠷᠰᠢᠯᠲᠠ ᠶᠢᠨ ᠴᠡᠭ ᠤᠨ ᠰᠤᠳᠤᠯᠭᠠᠨ ᠤ ᠠᠵᠢᠯ ᠢ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠵᠦ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨᠴᠢ ᠦᠨᠳᠦᠰᠦᠯᠡᠯ ᠢ ᠣᠯᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠡᠯ᠎ᠡ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠤᠨ ᠦᠢᠯᠡᠳᠦᠯᠭᠡ᠂ ᠢᠯᠠᠩᠭᠤᠶ᠎ᠠ ᠱᠠᠩᠬᠠᠢ᠂ ᠭᠢᠷᠢᠨ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠶᠡᠭᠡ ᠬᠡᠪᠴᠢᠶ᠎ᠡ ᠪᠠᠷ ᠰᠢᠢᠳᠪᠦᠷᠢᠯᠡᠭᠰᠡᠨ ᠲᠤᠷᠰᠢᠯᠭ᠎ᠠ ᠰᠤᠷᠭᠠᠮᠵᠢ ᠲᠠᠢ ᠤᠶᠠᠯᠳᠤᠭᠤᠯᠤᠨ᠂ ᠪᠠᠰᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠬᠠᠭᠠᠰ ᠵᠢᠯ ᠳᠤ ᠨᠡᠶᠢᠲᠡᠯᠡᠭᠰᠡᠨ ᠵᠦᠭᠯᠡᠭᠦᠷ ᠢᠶᠠᠷ ᠯᠠᠪᠯᠠᠯᠲᠠ ᠪᠣᠯᠭᠠᠵᠤ᠂ ᠰᠡᠷᠭᠡᠶᠢᠯᠡᠨ ᠡᠵᠡᠮᠳᠡᠬᠦ ᠲᠥᠰᠥᠯ ᠳᠤ ᠵᠠᠰᠠᠪᠤᠷᠢ ᠣᠷᠣᠭᠤᠯᠤᠭᠰᠠᠨ ᠪᠠᠶᠢᠨ᠎ᠠ᠃      ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠪᠡ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠥᠩᠭᠡᠷᠡᠭᠰᠡᠨ ᠤ ᠪᠠᠶᠢᠩᠭᠤ ᠶᠢᠨ ᠬᠢᠨᠠᠨ ᠰᠢᠨᠵᠢᠯᠡᠯᠲᠡ ᠶᠢᠨ ᠰᠠᠭᠤᠷᠢᠨ ᠳᠡᠭᠡᠷ᠎ᠡ᠂ ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ᠂ ᠡᠳ᠋ ᠪᠣᠳᠠᠰ᠂ ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠬᠥᠮᠥᠰ ︵ᠵᠢᠱᠢᠶᠡᠯᠡᠪᠡᠯ ᠬᠢᠯᠢ ᠠᠯᠤᠰᠯᠠᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠵᠢᠯᠣᠭᠤᠴᠢ᠂ ᠴᠡᠪᠡᠷᠯᠡᠭᠴᠢ᠂ ᠰᠡᠯᠪᠢᠨ ᠵᠠᠰᠠᠭᠴᠢ ᠵᠡᠷᠭᠡ ᠬᠥᠮᠥᠰ᠂ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠢ ᠵᠥᠭᠡᠭᠡᠪᠦᠷᠢᠯᠡᠬᠦ ᠬᠥᠮᠥᠰ᠂ ᠪᠣᠭᠤᠮᠲᠠ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠡᠳ᠋ ᠪᠣᠳᠠᠰ ᠲᠠᠢ ᠰᠢᠭᠤᠳ ᠣᠶᠢᠷᠠᠳᠬᠤ ᠨᠢᠭᠡᠳᠦᠭᠡᠷ ᠹᠷᠣᠨᠲ ᠤᠨ ᠬᠥᠮᠥᠰ ᠵᠡᠷᠭᠡ︶᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠠᠵᠢᠯᠲᠠᠨ ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯᠲᠠᠨ ᠵᠡᠷᠭᠡ ᠳᠤ ᠡᠳᠦᠷ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠠᠵᠢᠯ ᠡᠷᠭᠢᠯᠡᠬᠦ ᠣᠷᠴᠢᠨ ᠲᠣᠭᠤᠷᠢᠨ ᠤ ᠠᠵᠢᠯᠲᠠᠨ ᠨᠢᠭᠲᠠᠷᠠᠭᠰᠠᠨ᠂ ᠣᠶᠢᠷᠠᠳᠬᠤ ᠬᠥᠮᠥᠨ ᠣᠯᠠᠰᠢᠷᠠᠭᠰᠠᠨ᠂ ᠰᠢᠯᠵᠢᠮᠡᠯ ᠴᠢᠨᠠᠷ ᠢᠶᠠᠷ ᠴᠢᠩᠭ᠎ᠠ ᠠᠵᠢᠯ ᠡᠷᠬᠢᠯᠡᠭᠰᠡᠳ ︵ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠬᠦᠷᠭᠡᠭᠰᠡᠳ᠂ ᠪᠠᠭᠤᠳᠠᠯ ᠤᠨ ᠦᠢᠯᠡᠴᠢᠯᠡᠭᠡ᠂ ᠵᠠᠰᠠᠵᠤ ᠴᠢᠮᠡᠭᠯᠡᠬᠦ ᠪᠠ ᠠᠴᠢᠶᠠᠯᠠᠵᠤ ᠪᠠᠭᠤᠯᠭᠠᠬᠤ ᠦᠢᠯᠡᠴᠢᠯᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ᠂ ᠬᠤᠳᠠᠯᠳᠤᠭ᠎ᠠ ᠬᠡᠲᠦ ᠳᠡᠯᠭᠡᠭᠦᠷ ᠪᠠ ᠲᠠᠷᠢᠶᠠᠯᠠᠩ ᠤᠨ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠠᠵᠢᠯᠲᠠᠨ ᠵᠡᠷᠭᠡ︶ ᠵᠢᠴᠢ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠠᠴᠠ ᠪᠤᠰᠤᠳ ᠰᠠᠯᠠᠭ᠎ᠠ ᠲᠠᠰᠤᠭ ᠤᠨ ᠠᠵᠢᠯᠲᠠᠳ ᠲᠤ ᠭᠠᠷᠠᠭ ᠪᠦᠷᠢ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠤᠨ ᠲᠠᠷᠬᠠᠬᠤ ᠲᠦᠭᠰᠢᠭᠦᠷᠢ ᠶᠢ ᠦᠨᠳᠦᠰᠦᠯᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠦᠨ᠎ᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠲᠤᠯᠭᠠᠷᠠᠪᠠᠯ᠂ ᠡᠲᠡᠭᠡᠷ ᠠᠷᠭ᠎ᠠ ᠵᠠᠮ ᠢᠶᠠᠷ ᠲᠤᠰᠬᠠᠵᠤ ᠪᠣᠯᠣᠨ᠎ᠠ      ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠨᠢ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠲᠠᠢ ᠬᠠᠮᠲᠤᠷᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠠᠢ᠃ ᠡᠨᠡ ᠬᠦ ᠲᠤᠰᠬᠠᠢ ᠠᠩᠭᠢ ᠨᠢ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ ᠶᠢᠨ ᠶᠡᠷᠦᠩᠬᠡᠢ ᠵᠠᠬᠢᠷᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠰᠢᠤᠳᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠡᠢ᠃ ᠡᠨᠡ ᠬᠦ ᠪᠦᠷᠢᠯᠳᠦᠭᠦᠨ ᠰᠠᠯᠠᠭ᠎ᠠ ᠮᠥᠴᠢᠷ ᠨᠢ ᠪᠠᠰᠠ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠶᠢ ᠨᠡᠮᠡᠬᠦ ᠪᠣᠯᠣᠮᠵᠢ ᠲᠠᠢ᠃ ᠲᠤᠰᠬᠠᠢ ᠠᠩᠭᠢ ᠨᠢ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠵᠡᠷᠭᠡ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠨ᠎ᠠ᠃ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠤᠨ᠎ᠠ᠃ ᠡᠮᠦᠨᠡᠬᠢ ᠬᠤᠭᠤᠴᠠᠭᠠᠨ ᠤ ᠪᠡᠯᠡᠳᠬᠡᠯ ᠢᠶᠠᠷ ᠳᠡᠮᠵᠢᠨ᠂ ᠣᠳᠣᠬᠠᠨ ᠳᠤ ᠲᠤᠰᠬᠠᠢ ᠠᠩᠭᠢ ᠶᠢᠨ ᠪᠦᠷᠢᠯᠳᠦᠭᠦᠨ ᠨᠢᠭᠡᠴᠢ ᠨᠦᠭᠦᠳ ᠨᠢᠭᠡᠨᠲᠡ ᠲᠣᠰ ᠰᠠᠯᠠᠭ᠎ᠠ ᠮᠥᠴᠢᠷ ᠤᠨ ᠢᠶᠠᠨ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠤᠨ ᠲᠤᠰᠬᠠᠢ ᠪᠤᠯᠤᠩ ᠭᠠᠷᠭᠠᠭᠰᠠᠨ ᠪᠤᠶᠤ ᠢᠯᠡᠴᠢᠯᠡᠵᠦ ᠮᠡᠳᠡᠭᠦᠯᠬᠦ ᠤᠲᠠᠰᠤ ᠨᠡᠶᠢᠲᠡᠯᠡᠭᠰᠡᠨ ᠪᠠᠶᠢᠨ᠎ᠠ᠃ ᠣᠲᠣ ᠨᠢᠭᠡᠨᠲᠡ ᠨᠡᠶᠢᠭᠡᠮ ᠨᠡᠶᠢᠲᠡ ᠠᠴᠠ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠪᠠᠶᠢᠨ᠎ᠠ᠂ ᠣᠯᠠᠨ ᠲᠦᠮᠡᠨ ᠰᠦᠯᠵᠢᠶ᠎ᠡ ᠪᠤᠶᠤ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ ᠲᠦᠷᠦᠭᠦᠤ ᠨᠢᠭᠤᠷ ᠲᠤ ᠣᠯᠠᠨ ᠨᠡᠶᠢᠲᠡ ᠶᠢᠨ ᠦᠭᠡ ᠦᠯᠡᠳᠡᠭᠡᠬᠦ ᠰᠠᠮᠪᠠᠷ᠎ᠠ ᠶᠢ ᠲᠣᠬᠢᠷᠠᠭᠤᠯᠪᠠ᠃ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠵᠦᠷᠢᠴᠡᠭᠰᠡᠨ ᠠᠰᠠᠭᠤᠳᠠᠯ ᠤᠨ ᠰᠦᠪᠡᠭᠴᠢ ᠶᠢ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ ᠣᠷᠣᠨ ᠨᠤᠲᠤᠭ ᠤᠨ ᠬᠢᠨ ᠢ ᠰᠢᠮᠳᠠᠭᠤᠯᠤᠨ ᠱᠠᠭᠠᠷᠳᠠᠵᠤ ᠪᠠᠶᠢᠭᠠᠳ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ᠎ᠡ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠯᠠᠨ ᠲᠦᠮᠡᠨ ᠤ ᠲᠤᠰᠬᠠᠭᠰᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠬᠢᠨᠠᠮᠠᠭᠠᠢ ᠭᠥᠯᠢᠶᠡᠨ ᠠᠪᠴᠤ ᠬᠢᠨᠠᠨ ᠬᠠᠷᠭᠤᠭᠤᠯᠬᠤ ᠪᠣᠯᠣᠨ᠎ᠠ᠃      ᠡᠯ᠎ᠡ ᠭᠠᠵᠠᠷ ᠤᠨ ᠣᠯᠠᠨ ᠲᠦᠮᠡᠨ ᠤ ᠲᠤᠰᠬᠠᠭᠰᠠᠨ ᠣᠷᠣᠨ ᠨᠤᠲᠤᠭ ᠤᠨ ᠬᠢᠨ ᠤ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠪᠠᠰᠠ ᠡᠯ᠎ᠡ ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠲᠤᠰᠬᠠᠢ ᠠᠩᠭᠢ ᠶᠢᠨ ᠪᠦᠲᠦᠴᠡ ᠶᠣᠰᠣᠭᠠᠷ᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠮᠤᠵᠢ ᠶᠢᠨ ᠱᠠᠲᠤᠨ ᠤ ᠲᠤᠰᠬᠠᠢ ᠠᠩᠭᠢ ᠪᠠᠶᠢᠭᠤᠯᠬᠤ ᠶᠢ ᠱᠠᠭᠠᠷᠳᠠᠵᠤ ᠪᠤᠢ᠃ ᠡᠭᠦᠨ ᠤ ᠵᠡᠷᠭᠡ ᠳᠤ ᠡᠯ᠎ᠡ ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠨᠢ ᠲᠤᠰ ᠮᠤᠵᠢ ᠶᠢᠨ ᠢᠶᠠᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠵᠡᠷᠭᠡ ᠠᠰᠠᠭᠤᠳᠠᠯ ᠢ ᠰᠠᠭᠠᠳ ᠦᠭᠡᠢ ᠨᠡᠪᠲᠡᠷᠡᠭᠦᠯᠬᠦ ᠪᠦᠲᠦᠮᠵᠢᠲᠡᠶ ᠠᠷᠭ᠎ᠠ ᠵᠠᠮ ᠢ ᠲᠦᠷᠭᠡᠬᠡᠨ ᠨᠡᠪᠲᠡᠷᠡᠭᠦᠯᠬᠦ ᠶᠢᠨ ᠬᠠᠮᠲᠤ ᠲᠤᠰ ᠮᠤᠵᠢ ᠶᠢᠨ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠬᠤᠷᠢᠶᠠᠨ ᠴᠤᠭᠯᠠᠭᠤᠯᠵᠤ ᠬᠢᠨᠠᠨ ᠬᠠᠷᠭᠤᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号