ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠨᠡᠷ | ᠲᠦᠷᠭᠡᠨ ᠤ ᠲᠡᠮᠦᠷ ᠵᠠᠮ ᠤᠨ ᠰᠢ ᠵᠢᠦ ᠯᠦᠩ ᠦᠷᠳᠡᠭᠡ ᠳᠤ ᠬᠦᠷᠴᠦ ᠤᠭᠲᠤᠪᠠ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠲᠤᠰᠬᠠᠢ ᠭᠠᠯᠲᠤ ᠲᠡᠷᠭᠡ ᠪᠠᠷ | ᠰᠢᠶᠠᠩᠭᠠᠩ ᠳᠤ ᠬᠦᠷᠴᠦ᠂ 7 ᠰᠠᠷ᠎ᠠ ᠶᠢᠨ 1 ᠤ ᠡᠳᠦᠷ ᠶᠠᠪᠤᠭᠳᠠᠬᠤ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ | 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠶᠢᠨ ᠬᠠᠮᠲᠤ ᠰᠢᠶᠠᠩᠭᠠᠩ ᠳᠤ | ᠰᠢᠨᠵᠢᠯᠡᠨ ᠪᠠᠶᠢᠴᠠᠭᠠᠬᠤ ᠪᠠᠷ ᠪᠤᠯᠪᠠ᠃ | 15 ᠴᠠᠭ 10 ᠮᠢᠨᠦ᠋ᠲ ᠤᠨ ᠦᠶ᠎ᠡ ᠪᠠᠷ᠂ ᠰᠢ ᠶᠢᠨ ᠫᠢᠩ ᠤᠨ ᠰᠠᠭᠤᠭᠰᠠᠨ ᠲᠤᠰᠬᠠᠶ ᠭᠠᠯᠲᠤ ᠲᠡᠷᠭᠡ ᠳᠦᠷᠬᠡᠨ ᠤ | ᠳᠡᠮᠤᠷ ᠵᠠᠮ ᠤᠨ ᠰᠢᠶᠠᠩᠭᠠᠩ ᠤᠨ ᠰᠢ ᠵᠢᠦ ᠯᠦᠩ ᠥᠷᠲᠡᠭᠡ ᠳᠤ ᠬᠥᠷᠪᠡ᠃ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠸᠠᠭᠤᠨ ᠠᠴᠠ ᠠᠯᠬᠤᠨ ᠭᠠᠷᠬᠤ ᠳᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠡᠷ᠎ᠡ ᠨᠥᠬᠦᠷ ᠯᠢᠨ ᠵᠤᠤ ᠪᠥᠸᠧ ᠲᠠᠢ ᠪᠠᠨ ᠤᠭᠲᠤᠨ ᠠᠪᠤᠪᠠ᠃ | ᠤᠭᠲᠤᠬᠤ ᠶᠣᠰᠣᠯᠠᠯ ᠳᠡᠭᠡᠷ᠎ᠡ᠂ ᠰᠢᠶᠠᠩᠭᠠᠩ ᠤᠨ ᠴᠠᠭᠳᠠᠭᠠᠨ ᠤ ᠬᠥᠭᠵᠢᠮ ᠤᠨ ᠠᠩᠬᠢ ᠬᠠᠯᠠᠭᠤᠮᠰᠤᠭ ᠤᠭᠲᠤᠬᠤ ᠠᠶᠠᠰ | ᠬᠥᠭᠵᠢᠮᠳᠡᠵᠦ᠂ ᠴᠤᠭ ᠵᠢᠪᠬᠤᠭ᠎ᠠ ᠲᠡᠭᠦᠯᠳᠡᠷ ᠠᠷᠰᠯᠠᠨ ᠤ ᠪᠦᠵᠢᠭ ᠪᠥᠵᠢᠭᠯᠡᠵᠦ᠂ ᠬᠡᠳᠦᠨ ᠵᠠᠭᠤᠨ ᠨᠡᠷᠡᠰ ᠰᠢᠶᠠᠩᠭᠠᠩ ᠤᠨ | ᠵᠠᠯᠠᠭᠤᠴᠤᠳ ᠪᠠᠭᠠᠴᠤᠳ ᠪᠣᠯᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠤᠯᠤᠰ ᠤᠨ ᠲᠤᠭ᠂ ᠣᠨᠴᠠᠭᠠᠢ | ᠵᠠᠰᠠᠭ ᠵᠠᠬᠢᠷᠭᠠᠨ ᠤ ᠣᠷᠣᠨ ᠤ ᠲᠤᠭ ᠪᠣᠯᠤᠨ ᠰᠣᠷᠭᠤᠭ ᠴᠡᠴᠡᠭ ᠠᠳᠬᠤᠵᠥ᠂ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠭᠡᠪᠡ᠃ ᠰᠢ ᠶᠢᠨ ᠫᠢᠩ ᠪᠣᠯᠤᠨ ᠫᠧᠩ ᠯᠢ ᠶᠤᠸᠠᠨ ᠤᠭᠲᠤᠬᠤ ᠪᠠᠷ ᠢᠷᠡᠭᠰᠡᠨ ᠬᠥᠮᠦᠰ ᠤᠨ ᠵᠦᠭ ᠭᠠᠷ ᠳᠠᠯᠠᠯᠤᠨ | ᠮᠡᠨᠳᠦᠴᠢᠯᠡᠯ ᠬᠦᠷᠭᠡᠪᠡ᠃ | | | | | 6 ᠰᠠᠷ᠎ᠠ ᠶᠢᠨ 30 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠤᠰᠬᠠᠢ ᠭᠠᠯᠲᠤ | ᠲᠡᠷᠭᠡ ᠪᠠᠷ ᠰᠢᠶᠠᠩᠭᠠᠩ ᠳᠤ ᠬᠦᠷᠴᠦ᠂ 7 ᠰᠠᠷ᠎ᠠ ᠶᠢᠨ 1 ᠤ ᠡᠳᠦᠷ ᠶᠠᠪᠤᠭᠳᠠᠬᠤ ᠰᠢᠶᠠᠩᠭᠠᠩ ᠡᠬᠡ ᠤᠯᠤᠰ ᠲᠠᠭᠠᠨ | ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠶᠢᠨ | ᠬᠠᠮᠲᠤ ᠰᠢᠶᠠᠩᠭᠠᠩ ᠳᠤ ᠰᠢᠨᠵᠢᠯᠡᠨ ᠪᠠᠶᠢᠴᠠᠭᠠᠬᠤ ᠪᠠᠷ ᠪᠤᠯᠪᠠ᠃ ᠡᠨᠡ ᠪᠤᠯ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠤᠭᠲᠤᠬᠤ ᠪᠠᠷ ᠢᠷᠡᠭᠰᠡᠨ ᠬᠥᠮᠦᠰ ᠤᠨ ᠵᠦᠭ ᠭᠠᠷ ᠳᠠᠯᠠᠯᠤᠨ ᠮᠡᠨᠳᠦᠴᠢᠯᠡᠯ ᠬᠦᠷᠭᠡᠵᠥ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠨ ᠤᠤᠢ ᠰᠡᠬᠦᠳᠡᠷᠯᠡᠪᠡ | | | ᠰᠢ ᠶᠢᠨ ᠫᠢᠩ ᠤᠨ ᠡᠨᠡ ᠤᠳᠠᠭ᠎ᠠ ᠶᠢᠨ ᠰᠢᠶᠠᠩᠭᠠᠩ ᠳᠤ ᠬᠦᠷᠦᠭᠰᠡᠨ ᠶᠠᠪᠤᠳᠠᠯ ᠨᠢ ᠤᠯᠤᠰ ᠤᠨ ᠳᠣᠲᠣᠭᠠᠳᠤ | ᠭᠠᠳᠠᠭᠠᠳᠤ ᠶᠢᠨ ᠬᠢᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ | ᠲᠤᠬᠠᠢ ᠶᠢᠨ ᠲᠠᠯᠠᠪᠠᠢ ᠳᠤ ᠬᠦᠯᠢᠶᠡᠵᠦ ᠪᠠᠶᠢᠯ᠎ᠠ᠃ ᠰᠢ ᠶᠢᠨ ᠫᠢᠩ ᠰᠤᠷᠪᠤᠯᠵᠢᠯᠠᠭ᠎ᠠ ᠬᠦᠯᠢᠶᠡᠬᠦ ᠲᠣᠭᠤᠷᠢᠭ ᠲᠤ ᠬᠦᠷᠴᠦ᠂ | ᠲᠤᠬᠠᠢ ᠶᠢᠨ ᠲᠠᠯᠠᠪᠠᠢ ᠳᠤ ᠪᠠᠶᠢᠭ᠎ᠠ ᠰᠤᠷᠪᠤᠯᠵᠢᠯᠠᠭᠴᠢᠳ ᠲᠠᠢ ᠮᠡᠨᠳᠦᠴᠢᠯᠡᠪᠡ᠃ ᠲᠡᠷᠡ᠂ ᠮᠠᠷᠭᠠᠰᠢ ᠪᠣᠯ ᠰᠢᠶᠠᠩᠭᠠᠩ ᠡᠬᠡ | ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠬᠡᠯᠡᠬᠦ ᠪᠠᠶᠠᠷ ᠤᠨ ᠡᠳᠦᠷ ᠪᠣᠯᠤᠨ᠎ᠠ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠢᠶᠠᠩᠭᠠᠩ ᠤᠨ ᠠᠬ᠎ᠠ ᠳᠡᠭᠦᠦ ᠨᠡᠷ ᠲᠠᠢ ᠬᠠᠮᠲᠤ ᠡᠨᠡ ᠬᠦ ᠪᠠᠶᠠᠷ ᠤᠨ | ᠶᠠᠪᠤᠳᠠᠯ ᠢ ᠪᠡᠯᠭᠡᠯᠡᠬᠦ ᠪᠣᠯᠤᠨ᠎ᠠ᠃ ᠪᠢ ᠰᠢᠶᠠᠩᠭᠠᠩ ᠤᠨ ᠠᠬ᠎ᠠ ᠳᠡᠭᠦᠦ ᠨᠡᠷ ᠲᠤ ᠬᠠᠯᠠᠭᠤᠨ ᠪᠠᠶᠠᠷ ᠬᠦᠷᠭᠡᠵᠦ ᠰᠠᠶᠢᠨ | ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ᠬᠡᠵᠥ ᠢᠯᠡᠳᠬᠡᠪᠡ᠃ | ᠰᠢ ᠶᠢᠨ ᠫᠢᠩ᠂ ᠪᠢ ᠰᠢᠶᠠᠩᠭᠠᠩ ᠢ ᠢᠮᠠᠭᠲᠠ ᠠᠩᠬᠠᠷᠴᠤ᠂ ᠰᠢᠶᠠᠩᠭᠠᠩ ᠢ ᠢᠮᠠᠭᠲᠠ ᠰᠠᠨᠠᠭᠠᠯᠵᠠᠵᠤ᠂ ᠮᠢᠨᠦ | ᠰᠡᠳᠭᠢᠯ ᠪᠣᠯᠤᠨ ᠲᠥᠪ ᠤᠨ ᠵᠠᠰᠠᠭ ᠤᠨ ᠣᠷᠳᠣᠨ ᠤ ᠰᠡᠳᠭᠢᠯ ᠢᠮᠠᠭᠲᠠ ᠰᠢᠶᠠᠩᠭᠠᠩ ᠤᠨ ᠠᠬ᠎ᠠ ᠳᠡᠭᠦᠦ ᠨᠡᠷ ᠲᠠᠢ ᠬᠠᠮᠲᠤ | ᠪᠠᠶᠢᠨ᠎ᠠ᠃ ᠥᠩᠭᠡᠷᠡᠭᠰᠡᠨ ᠨᠢᠭᠡ ᠬᠤᠭᠤᠴᠠᠭᠠᠨ ᠳᠤ᠂ ᠰᠢᠶᠠᠩᠭᠠᠩ ᠤᠳᠠᠭ᠎ᠠ ᠪᠦᠷᠢ ᠶᠢᠨ ᠬᠠᠲᠠᠭᠤ ᠴᠢᠩᠭ᠎ᠠ ᠰᠢᠯᠭᠠᠯᠲᠠ ᠶᠢ | ᠲᠤᠭᠤᠯᠵᠥ᠂ ᠨᠢᠬᠡᠳ ᠨᠢᠬᠡ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠰᠠᠯᠬᠢ ᠪᠣᠷᠣᠭᠠᠨ ᠤ ᠲᠠᠷᠠᠭ᠎ᠠ | ᠰᠢᠶᠠᠩᠭᠠᠩ ᠲᠠᠬᠢᠨᠳᠠ ᠠᠮᠢᠯᠠᠵᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠨᠢ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠠᠶᠢᠵᠤ᠂ | ᠰᠢᠶᠠᠩᠭᠠᠩ ᠤᠨ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠬᠤ᠂ ᠰᠢᠶᠠᠩᠭᠠᠩ ᠤᠨ | ᠠᠬ᠎ᠠ ᠳᠡᠭᠦᠦ ᠨᠡᠷ ᠤᠨ ᠠᠵᠠ ᠵᠢᠷᠭᠠᠯ ᠢ ᠬᠠᠮᠠᠭᠠᠯᠠᠬᠤ ᠰᠠᠶᠢᠨ ᠪᠠᠶᠢᠭᠤᠯᠤᠯ ᠪᠣᠯᠬᠤ ᠶᠢ ᠪᠣᠳᠠᠲᠤ ᠶᠠᠪᠤᠳᠠᠯ ᠭᠡᠷᠡᠴᠢᠯᠡᠪᠡ ᠬᠡᠵᠥ | ᠵᠢᠭᠠᠵᠥ ᠭᠠᠷᠭᠠᠪᠠ᠃ | ᠰᠢ ᠶᠢᠨ ᠫᠢᠩ᠂ ᠡᠭᠦᠷᠢᠳᠡ ᠰᠢᠨᠳᠠᠷᠠᠰᠢ ᠦᠭᠡᠢ ᠤᠷᠤᠭᠰᠢᠯᠠᠪᠡᠯ ᠢᠷᠡᠭᠡᠳᠦᠢ ᠬᠦᠰᠡᠯ ᠡᠷᠡᠮᠡᠯᠵᠡᠯ ᠲᠠᠢ ᠪᠤᠯᠬᠤ ᠶᠤᠮ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠭᠤᠶᠢᠪᠢᠰᠢ ᠦᠭᠡᠢ ᠪᠠᠷᠢᠮᠲᠠᠯᠠᠳᠠᠭ ᠯᠡ ᠶᠤᠮ ᠪᠤᠯ | ᠰᠢᠶᠠᠩᠭᠠᠩ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠤᠯᠵᠤ᠂ ᠰᠢᠶᠠᠩᠭᠠᠩ ᠯᠠᠪᠲᠠᠢ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ ᠬᠡᠵᠥ | ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠳᠡᠳ᠋ ᠲᠡᠷᠢᠭᠦᠯᠡᠭᠴᠢ ᠰᠢᠤᠢ ᠴᠢ ᠯᠢᠶᠠᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠱᠧᠨ ᠶᠤᠸᠠᠢ ᠶᠤᠸᠠᠢ᠂ ᠲᠦᠷᠦ ᠶᠢᠨ ᠶᠠᠪᠤᠳᠠᠯ ᠤᠨ ᠭᠡᠰᠢᠭᠦᠨ | ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠶᠠᠩᠭᠠᠩ ᠣᠣᠮᠧᠨ ᠤ ᠬᠡᠷᠡᠭ ᠡᠷᠬᠢᠯᠡᠬᠦ ᠠᠯᠪᠠᠨ ᠭᠡᠷ ᠤᠨ | ᠡᠷᠬᠢᠯᠡᠭᠴᠢ ᠰᠢᠶᠠ ᠪᠣᠣ ᠯᠦᠩ ᠵᠡᠷᠭᠡ ᠪᠠᠷ᠎ᠠ ᠪᠣᠯᠤᠭᠰᠠᠳ ᠬᠠᠮᠲᠤ ᠬᠦᠷᠪᠡ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠵᠧᠨ ᠶᠢᠩ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠯᠢ | ᠵᠢᠶᠠ ᠴᠤᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠡᠴᠦᠰ ᠤᠨ ᠰᠢᠭᠦᠯᠲᠡ ᠶᠢᠨ ᠰᠢᠭᠦᠬᠦ ᠬᠤᠷᠢᠶᠠᠨ ᠤ | ᠲᠡᠷᠢᠭᠦᠨ ᠰᠢᠭᠦᠭᠴᠢ ᠵᠠᠩ ᠵᠢᠤᠢ ᠨᠧᠩ᠂ ᠡᠳ᠋ ᠤᠨ ᠵᠠᠰᠠᠭ ᠤᠨ ᠵᠤᠷᠭᠠᠨ ᠤ ᠳᠠᠷᠤᠭ᠎ᠠ ᠴᠧᠨ ᠮᠤᠤ ᠪᠥᠸᠧ᠂ ᠬᠠᠤᠯᠢ | ᠴᠠᠭᠠᠵᠠ ᠶᠢᠨ ᠵᠠᠰᠠᠭ ᠤᠨ ᠶᠠᠪᠤᠳᠠᠯ ᠤᠨ ᠵᠤᠷᠭᠠᠨ ᠤ ᠳᠠᠷᠤᠭ᠎ᠠ ᠵᠧᠩ ᠷᠦᠸᠧ ᠬᠤᠸᠠ᠂ ᠬᠠᠤᠯᠢ ᠲᠣᠭᠲᠠᠭᠠᠬᠤ ᠬᠤᠷᠠᠯ ᠤᠨ | ᠲᠡᠷᠢᠭᠦᠯᠡᠭᠴᠢ ᠯᠢᠶᠠᠩ ᠵᠢᠶᠦ᠋ᠨ ᠶᠠᠨ᠂ ᠵᠠᠰᠠᠭ ᠵᠠᠬᠢᠷᠭᠠᠨ ᠤ ᠬᠤᠷᠠᠯ ᠤᠨ ᠠᠯᠪᠠᠨ ᠲᠤᠰᠢᠶᠠᠯᠲᠠᠨ ᠪᠤᠰᠤ ᠵᠥᠪᠯᠡᠯᠭᠡᠨ ᠤ | ᠭᠡᠰᠢᠭᠦᠨ ᠴᠤᠭᠯᠠᠭᠤᠯᠤᠭᠴᠢ ᠴᠧᠨ ᡁᠢ ᠰᠧ ᠨᠡᠷ ᠲᠡᠷᠭᠡᠨ ᠥᠷᠲᠡᠭᠡᠨ ᠳᠤ ᠬᠦᠷᠴᠦ ᠤᠭᠲᠤᠪᠠ᠃ | ᠲᠥᠪ ᠵᠠᠰᠠᠭ ᠤᠨ ᠣᠷᠳᠣᠨ ᠤ ᠰᠢᠶᠠᠩᠭᠠᠩ ᠳᠤ ᠰᠠᠭᠤᠭ᠎ᠠ ᠬᠤᠯᠪᠣᠭ᠎ᠠ ᠠᠪᠬᠤ ᠠᠯᠪᠠᠨ ᠭᠡᠷ ᠤᠨ ᠡᠷᠬᠢᠯᠡᠭᠴᠢ | ᠯᠦᠸᠧ ᠬᠤᠢ ᠨᠢᠩ᠂ ᠲᠥᠪ ᠵᠠᠰᠠᠭ ᠤᠨ ᠣᠷᠳᠣᠨ ᠤ ᠰᠢᠶᠠᠩᠭᠠᠩ ᠳᠤ ᠰᠠᠭᠤᠭ᠎ᠠ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠵᠠᠬᠢᠷᠭ᠎ᠠ ᠶᠢᠨ ᠳᠠᠷᠤᠭ᠎ᠠ ᠵᠧᠩ ᠶᠠᠨ ᠰᠢᠶᠦ᠋ᠩ᠂ ᠭᠠᠳᠠᠭᠠᠳᠤ ᠶᠠᠪᠤᠳᠠᠯ ᠤᠨ ᠶᠠᠮᠤᠨ ᠤ ᠰᠢᠶᠠᠩᠭᠠᠩ ᠳᠤ | ᠰᠠᠭᠤᠭ᠎ᠠ ᠤᠨᠴᠠ ᠲᠤᠮᠢᠯᠠᠬᠴᠢ ᠶᠢᠨ ᠵᠠᠬᠢᠷᠭ᠎ᠠ ᠶᠢᠨ ᠣᠨᠴᠠ ᠲᠣᠮᠢᠯᠠᠭᠳᠠᠭᠴᠢ ᠯᠢᠦ ᠭᠤᠸᠠᠩ ᠶᠤᠸᠠᠨ᠂ ᠳᠤᠮᠳᠠᠳᠤ | ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠢᠶᠠᠩᠭᠠᠩ ᠳᠤ ᠰᠠᠭᠤᠭ᠎ᠠ ᠴᠡᠷᠢᠭ ᠠᠩᠬᠢ ᠶᠢᠨ ᠺᠤᠮᠠᠨᠳ᠋ᠯᠠᠭᠴᠢ ᠫᠧᠩ | ᠵᠢᠩ ᠲᠠᠩ᠂ ᠺᠣᠮᠢᠰᠰᠠᠷ ᠯᠠᠢ ᠷᠥ᠋ ᠰᠢᠨ ᠨᠡᠷ ᠴᠦ ᠲᠡᠷᠭᠡᠨ ᠥᠷᠲᠡᠭᠡᠨ ᠳᠤ ᠬᠦᠷᠴᠦ ᠤᠭᠲᠤᠪᠠ᠃ | |