2022 ᠣᠨ ᠤ ᠪᠦᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/7
     6 ᠰᠠᠷ᠎ᠠ ᠶᠢᠨ 30 ᠤ ᠡᠳᠦᠷ᠂ ᠪᠥᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠵᠤ ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠠᠵᠢᠯ ᠢ ᠳ᠋ᠦᠩᠨᠡᠵᠦ᠂ 2022 ᠣᠨ ᠤ ᠨᠢᠭᠡᠳᠦᠮᠡᠯ ᠹᠷᠣᠨᠲ ᠤᠨ ᠠᠵᠢᠯ ᠢ ᠲᠥᠯᠥᠪᠵᠢᠭᠦᠯᠦᠨ ᠪᠠᠶᠢᠷᠢᠯᠠᠭᠤᠯᠵᠠᠢ᠃      ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠮᠥᠨᠴᠦ ᠨᠢᠭᠡᠳᠦᠮᠡᠯ ᠹᠷᠣᠨᠲ ᠤᠨ ᠲᠦᠷᠦ ᠶᠢᠨ ᠪᠤᠳᠤᠯᠭ᠎ᠠ ᠶᠢ ᠳᠤᠷᠠᠳᠤᠭᠰᠠᠨ 100 ᠵᠢᠯ ᠤᠨ ᠤᠢ ᠪᠣᠯᠤᠨ᠎ᠠ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠨᠢ ᠣᠨᠴᠠᠭᠠᠢ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠮᠠᠨ ᠤ ᠰᠢᠶᠠᠨ ᠨᠢᠭᠡᠳᠦᠮᠡᠯ ᠹᠷᠣᠨᠲ ᠤᠨ ᠠᠵᠢᠯ ᠤᠨ ᠲᠡᠷᠢᠭᠦᠨ ᠤ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠢᠭᠡᠳᠦᠮᠡᠯ ᠹᠷᠣᠨᠲ ᠤᠨ ︽ᠬᠠᠷᠢᠯᠴᠠᠭ᠎ᠠ ᠥᠷᠭᠡᠨ ᠳᠡᠯᠭᠡᠷ ᠂ ᠤᠶᠤᠨ ᠤᠬᠠᠭᠠᠨ ᠨᠢᠭᠲᠠᠷᠠᠭᠰᠠᠨ᠂ ᠴᠢᠳᠠᠪᠤᠷᠢᠲᠠᠨ ᠴᠤᠭᠯᠠᠷᠠᠭᠰᠠᠨ︾ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠱᠠᠭᠠᠷᠳᠠᠪᠠ᠃      ᠬᠤᠷᠠᠯ ᠠᠴᠠ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ ᠳᠤᠮᠳᠠ ᠡᠨᠡᠬᠦ ᠡᠷᠳᠡᠨᠢ ᠶᠢ ᠦᠨᠡᠨᠬᠦ ᠰᠠᠶᠢᠲᠤᠷ ᠬᠡᠷᠡᠭᠯᠡᠬᠦ ᠬᠡᠷᠡᠭᠲᠡᠢ︔ ᠬᠥᠮᠦᠰ ᠤᠨ ᠰᠡᠳᠬᠢᠯ ᠢ ᠨᠢᠭᠲᠠᠷᠠᠭᠤᠯᠤᠨ ᠬᠦᠴᠦᠨ ᠴᠢᠳᠠᠯ ᠢ ᠨᠢᠭᠲᠠᠷᠠᠭᠤᠯᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠠᠵᠢᠯ ᠢ ᠰᠠᠶᠢᠲᠤᠷ ᠬᠢᠵᠦ᠂ ︽ᠵᠢᠷᠭᠤᠭᠠᠨ ᠰᠢᠨ᠎ᠡ ᠦᠴᠤᠸᠠᠨ︾ ᠢ ᠪᠦᠳᠦᠭᠡᠨ ᠪᠠᠶᠢᠭᠤᠯᠬᠤ ᠳᠤ ᠲᠠᠰᠤᠷᠠᠯᠳᠡ ᠦᠭᠡᠢ ᠬᠦᠴᠦᠨ ᠴᠢᠳᠠᠯ ᠬᠠᠩᠭᠠᠬᠤ ᠬᠡᠷᠡᠭᠲᠡᠢ︔ ᠤᠳᠤᠷᠢᠳᠬᠤ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠪᠠᠨ ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠢᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠬᠠᠷᠢᠭᠤᠴᠠᠯᠭ᠎ᠠ ᠶᠢ ᠪᠠᠲᠤ ᠡᠭᠦᠷᠭᠡᠯᠡᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠦᠵᠡᠯ ᠰᠠᠨᠠᠭᠠᠨ ᠤ ᠠᠬᠤᠢ ᠪᠠᠶᠢᠳᠠᠯ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号