ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠣᠯᠪᠠᠰᠤᠷᠠᠭᠤᠯᠤᠯ ᠤᠨ ᠬᠤᠷᠠᠯ ᠦᠴᠤᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/7/7
     7 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠦᠴᠤᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠪᠣᠯᠪᠠᠰᠤᠷᠠᠭᠤᠯᠤᠯ ᠤᠨ ᠬᠤᠷᠠᠯ ᠮᠠᠨ ᠤ ᠰᠢᠶᠠᠨ ᠳᠤ ᠶᠠᠪᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠠᠴᠠ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠲᠤᠰᠬᠠᠶ ᠰᠡᠳᠦᠪᠲᠦ ᠲᠠᠶᠢᠯᠤᠮᠵᠢ ᠶᠢᠨ ᠲᠤᠰᠬᠠᠶ ᠮᠡᠷᠭᠡᠵᠢᠯᠲᠡᠨ᠂ ᠵᠧᠵᠢᠶᠠᠩ ᠮᠤᠵᠢ ᠶᠢᠨ ᠬᠠᠶ ᠶᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠣᠭᠤᠳᠬᠤ ᠰᠠᠯᠠᠭᠠᠨ ᠤ ᠬᠢᠨᠠᠨ ᠪᠠᠶᠢᠴᠠᠭᠠᠭᠴᠢ ᠴᠧᠨ ᠭᠦᠸᠧ ᠮᠢᠩ ᠫᠷᠤᠹᠧᠰᠰᠤᠷ ᠢ ᠲᠤᠰᠬᠠᠶᠢᠯᠠᠨ ᠤᠷᠢᠵᠤ ︽ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠤᠬᠡᠨ ᠳᠡᠭᠡᠷᠡᠬᠢ ᠬᠥᠰᠢᠶ᠎ᠡ ᠲᠡᠮᠳᠡᠭ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠰᠤᠷᠭᠠᠨ ᠬᠥᠮᠦᠵᠢᠯ ᠤᠨ ᠶᠠᠮᠤᠨ ᠤ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ᠵᠡᠷᠭᠡ ᠵᠠᠯᠭᠠᠭ᠎ᠠ ᠪᠠᠷ ᠨᠡᠶᠢᠲᠡᠯᠡᠭᠰᠡᠨ ᠰᠢᠷᠢᠰ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠪᠣᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠦᠬᠡᠨ ᠳᠠᠬᠢ ᠨᠢᠭᠡᠨ ᠴᠢᠬᠤᠯᠠ ᠬᠥᠰᠢᠶ᠎ᠡ ᠲᠡᠮᠳᠡᠭ ᠮᠥᠨ᠂ ᠡᠭᠦᠨ ᠢ ᠡᠭᠦᠳᠦᠨ ᠪᠠᠶᠢᠭᠤᠯᠬᠤ ᠭᠤᠣᠯᠳᠠᠯᠭ᠎ᠠ ᠪᠠ ᠬᠦᠴᠢᠷ ᠠᠰᠠᠭᠤᠳᠠᠯ᠂ ᠭᠦᠢᠴᠡᠳᠬᠡᠬᠦ ᠲᠤᠭ᠎ᠠ ᠶᠢᠨ ᠲᠠᠶᠢᠯᠤᠮᠵᠢ᠂ ᠤᠯᠤᠰ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠵᠢᠷᠤᠮ ᠵᠡᠷᠭᠡ ᠳᠥᠷᠪᠡᠨ ᠲᠠᠯ᠎ᠠ ᠠᠴᠠ ᠭᠦᠨᠵᠡᠭᠡᠶ ᠲᠣᠳᠣᠷᠬᠠᠶᠢᠯᠠᠨ ᠥᠭᠦᠯᠡᠵᠦ᠂ ᠬᠠᠶ ᠶᠠᠨ ᠰᠢᠶᠠᠨ ᠤ ᠠᠩᠬᠠᠳᠠᠭᠴᠢ ᠪᠦᠯᠦᠭ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠤᠭᠰᠠᠨ ᠰᠢᠶᠠᠨ ᠤ ᠲᠤᠷᠰᠢᠯᠭ᠎ᠠ ᠲᠠᠢ ᠤᠶᠠᠯᠳᠤᠭᠤᠯᠤᠨ᠂ ᠪᠣᠶ ᠪᠥᠬᠦᠶ ᠦᠨᠡᠯᠡᠨ ᠵᠢᠱᠢᠬᠦ ᠭᠦᠢᠴᠡᠳᠬᠡᠯ ᠲᠤᠭ᠎ᠠ ᠳᠤ ᠨᠠᠷᠢᠨ ᠲᠠᠶᠢᠯᠤᠮᠵᠢ ᠬᠢᠵᠦ᠂ ᠦᠨᠳᠦᠰᠦᠨ ᠠᠵᠢᠯᠯᠠᠭᠠᠨ ᠤ ᠠᠷᠭ᠎ᠠ ᠬᠡᠮᠵᠢᠶ᠎ᠡ ᠪᠠ ᠠᠷᠭ᠎ᠠ ᠵᠠᠮ ᠢ ᠵᠢᠭᠠᠨ ᠭᠠᠷᠭᠠᠵᠤ᠂ ᠰᠤᠷᠤᠭᠴᠢᠳ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠶ ᠣᠶᠢᠯᠠᠭᠠᠬᠤ ᠳᠤ ᠲᠣᠳᠣᠷᠬᠠᠶ ᠰᠤᠳᠠᠰᠤ ᠶᠢ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠬᠦᠷᠲᠡᠭᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠣᠯ ᠡᠭᠦᠷᠭᠡ ᠮᠥᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠪᠠᠷᠢᠯ ᠪᠠ ᠬᠦᠴᠦᠲᠡᠶ ᠭᠠᠷᠳᠠᠴᠠ ᠮᠥᠨ᠂ ᠡᠯ᠎ᠡ ᠭᠠᠵᠠᠷ ᠣᠷᠣᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠣᠭᠤᠯᠤᠯᠲᠠ ᠪᠠᠨ ᠨᠡᠮᠡᠭᠳᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠂ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢᠨ ᠶᠣᠰᠣᠭᠠᠷ ᠪᠠᠷᠢᠮᠵᠢᠶ᠎ᠠ ᠳᠤ ᠬᠦᠷᠭᠡᠵᠦ ᠡᠭᠦᠳᠦᠨ ᠪᠠᠶᠢᠭᠤᠯᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠬᠡᠷᠡᠭᠲᠡᠢ᠃      ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠂ ᠡᠯ᠎ᠡ ᠱᠠᠲᠤᠨ ᠤ ᠡᠯ᠎ᠡ ᠲᠥᠷᠥᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠳ ᠪᠣᠯᠪᠠᠰᠤᠷᠠᠭᠤᠯᠤᠯ ᠳᠤ ᠣᠷᠤᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号