ᠰᠢᠶᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/7
     7 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠢ ᠰᠣᠨᠣᠰᠴᠤ᠂ 2022 ᠣᠨ ᠤ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ ᠵᠢᠴᠢ ᠭᠤᠣᠯ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ︔ ᠬᠡᠰᠡᠭ ᠰᠢᠶᠠᠩ ᠪᠠᠯᠭᠠᠰᠤ ᠭᠤᠣᠯ ᠴᠠᠭᠳᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠦᠶᠡᠷᠯᠡᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠥᠭᠡᠳ ᠶᠠᠪᠤᠭᠳᠠᠭᠤᠰᠢᠲᠠᠶ᠂ ᠠᠵᠢᠯᠯᠠᠭᠠᠨ ᠤ ᠴᠢᠨᠠᠷ ᠢᠶᠠᠷ ᠴᠢᠩᠭ᠎ᠠ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠶᠣᠰᠣᠭᠠᠷ ᠦᠶᠡᠷ ᠲᠠᠢ ᠲᠡᠮᠡᠴᠡᠨ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠮᠠᠨ ᠤ ᠰᠢᠶᠠᠨ ᠤ ᠦᠶᠡᠷᠯᠡᠬᠦ ᠬᠤᠭᠤᠴᠠᠭᠠᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ  ᠴᠢᠳᠠᠪᠤᠷᠢ ᠪᠠ ᠠᠶᠤᠯ ᠠᠴᠠ ᠠᠪᠤᠷᠠᠨ ᠲᠤᠰᠠᠯᠠᠬᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠳᠤ 24 ᠴᠠᠭ ᠢᠶᠠᠷ ᠵᠢᠵᠢᠭᠦᠷᠯᠡᠨ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠳᠤᠷᠢᠳᠤᠯᠭ᠎ᠠ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠬᠥᠭᠦᠷᠭᠡ᠂ ᠭᠤᠯᠳᠤᠩ᠂ ᠭᠤᠣᠯ ᠮᠥᠷᠡᠨ ᠨᠠᠭᠤᠷ ᠴᠥᠭᠦᠷᠥᠮ ᠤᠨ ᠬᠦᠪᠡᠭᠡ ᠵᠡᠷᠭᠡ ᠭᠠᠵᠠᠷ ᠲᠤ ᠰᠡᠷᠡᠮᠵᠢ ᠶᠢᠨ ᠫᠠᠶᠢᠰᠠ ᠪᠤᠰᠬᠠᠵᠤ᠂ ᠨᠠᠰᠢ ᠴᠠᠰᠢ ᠥᠩᠭᠡᠷᠡᠬᠦ ᠬᠥᠮᠦᠰ ᠵᠢᠴᠢ ᠲᠡᠷᠭᠡ ᠬᠥᠰᠬᠡ ᠳᠤ ᠵᠠᠮ ᠤᠨ ᠪᠠᠶᠢᠳᠠᠯ ᠢ ᠠᠩᠬᠠᠷᠤᠨ ᠠᠵᠢᠭᠯᠠᠵᠤ᠂ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠬᠤ ᠬᠡᠷᠡᠭᠲᠡᠢ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠨᠦᠭᠦᠳ ᠠᠶᠤᠯ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠤᠢ ᠪᠣᠯᠭᠠᠵᠤ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠶ ᠭᠡᠪᠡ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯ ᠮᠥᠷᠡᠨ ᠤ ᠵᠠᠮ ᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠢ ᠵᠠᠰᠠᠬᠤ ᠡᠷᠴᠢᠮ ᠢᠶᠠᠨ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠤᠬᠠᠭᠤᠯᠤᠨ ᠲᠦᠭᠡᠮᠡᠯᠵᠢᠭᠦᠯᠬᠦ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠨ ᠤ ᠰᠢᠶᠠᠨ ᠤ ᠭᠤᠣᠯ ᠮᠥᠷᠡᠨ ᠤ ᠶᠡᠷᠦᠩᠬᠡᠢ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号