ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 63 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/7
     7 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 63 ᠳ᠋ᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠥᠨᠳᠥᠷ ᠪᠠᠷᠢᠮᠵᠢᠶ᠎ᠠ ᠪᠠᠷ᠂ ᠨᠠᠷᠢᠯᠢᠬᠵᠢᠭᠤᠯᠤᠨ ᠪᠠᠶᠢᠭᠤᠯᠵᠤ᠂ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠤ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠤᠨ ᠰᠢᠯᠢᠳᠡᠭᠵᠢᠨ ᠬᠦᠴᠦᠷᠬᠡᠭᠵᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠨᠠᠭᠰᠢᠳᠠ ᠠᠬᠢᠭᠤᠯᠵᠤ᠂ ᠦᠢᠯᠡᠳᠬᠦᠨ ᠤ ᠬᠡᠪᠴᠢᠶᠡᠵᠢᠬᠦ᠂ ᠠᠵᠤ ᠦᠢᠯᠡᠰᠵᠢᠬᠦ᠂ ᠳᠡᠭᠡᠳᠦ ᠲᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ︾ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠥᠷᠲᠡᠭ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠢ ᠨᠡᠷᠡᠳᠦ ᠲᠦᠷᠦᠯ ᠲᠡᠮᠳᠡᠭ ᠪᠣᠯᠭᠠᠨ ᠡᠭᠦᠳᠴᠦ᠂ ᠲᠦᠷᠦᠯ ᠲᠡᠮᠳᠡᠭ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠮᠠᠨ ᠤ ᠰᠢᠶᠠᠨ ᠤ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号