| | | 7 ᠰᠠᠷ᠎ᠠ ᠶᠢᠨ 2 ᠤᠨ ᠡᠳᠦᠷ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠤᠨ ᠬᠤᠶᠠᠳᠤᠭᠠᠷ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ | ᠳᠠᠯᠠᠨ ᠬᠠᠷ᠎ᠠ ᠰᠢᠶᠠᠩ ᠳᠤ ᠬᠤᠷᠠᠯᠳᠤᠪᠠ᠃ ᠶᠠᠩ ᠰᠢᠩ ᠱᠧᠩ᠂ ᠷᠧᠨ ᠶᠠᠨ ᠰᠢᠶᠠᠩ᠂ ᠰᠢᠶᠧ ᠴᠢᠦᠢ ᠫᠢᠩ᠂ ᠵᠧᠦ | ᠵᠧᠨ ᠭᠤᠸᠠᠩ ᠵᠡᠷᠭᠡ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ ᠰᠢᠶᠠᠩ | ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠣᠯᠤᠨ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ | ᠠᠵᠢᠯᠯᠠᠭ᠎ᠠ ᠳᠤ ᠣᠷᠣᠯᠴᠠᠪᠠ᠃ | ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠳᠠᠯᠠᠨ ᠬᠠᠷ᠎ᠠ ᠠᠭᠤᠯᠠ ᠰᠢᠶᠠᠩ ᠤᠨ | ᠭᠠᠨᠴᠠᠬᠠᠨ ᠵᠠᠰᠠᠭ ᠵᠠᠬᠢᠷᠭᠠᠨ ᠤ ᠲᠣᠰᠬᠤᠨ ᠤ ᠰᠠᠨ ᠾᠧ ᠢᠦᠢ ᠪᠠᠶᠢᠭᠠᠯᠢ ᠲᠣᠰᠬᠤᠨ ᠤ ᠶᠢᠨ ᠵᠦ ᠲᠡᠵᠢᠭᠡᠨ | ᠦᠷᠡᠵᠢᠭᠦᠯᠬᠦ ᠲᠠᠯᠠᠪᠠᠢ ᠶᠢᠨ ᠬᠠᠰᠢᠶᠠᠯᠠᠨ ᠲᠡᠵᠢᠭᠡᠵᠦ ᠦᠷᠡᠵᠢᠭᠦᠯᠬᠦ᠂ ᠭᠠᠨᠴᠠᠬᠠᠨ ᠵᠠᠰᠠᠭ ᠵᠠᠬᠢᠷᠭᠠᠨ ᠤ ᠲᠣᠰᠬᠤᠨ ᠤ | ᠨᠠᠮ ᠤᠨ ᠣᠯᠠᠨ ᠲᠦᠮᠡᠨᠴᠢ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ᠂ | ᠤᠯᠠᠭᠠᠨᠪᠤᠯᠠᠭ ᠵᠠᠰᠠᠭ ᠵᠠᠬᠢᠷᠭᠠᠨ ᠤ ᠲᠣᠰᠬᠤᠨ ᠤ ᠬᠦᠭᠡ ᠲᠠᠷᠢᠶᠠᠯᠠᠩ ᠤᠨ ᠲᠠᠯᠠᠪᠠᠢ᠂ ᠡᠦ ᠳ᠋ᠤᠤ ᠭᠸᠤ ᠠᠷᠠᠳ ᠤᠨ | ᠵᠠᠩ ᠦᠢᠯᠡ ᠶᠢᠨ ᠣᠷᠳᠣᠨ᠂ ᠢᠳᠡᠰᠢᠨ ᠨᠣᠭᠤᠭ᠎ᠠ ᠲᠡᠭᠦᠬᠦ ᠬᠦᠯᠡᠮᠵᠢ᠂ ᠠᠶᠠᠨᠴᠢᠳ ᠢ ᠬᠦᠯᠢᠶᠡᠨ ᠠᠪᠬᠤ ᠲᠥᠪ ᠤᠨ | ᠪᠦᠳᠦᠭᠡᠨ ᠪᠠᠶᠢᠭᠤᠯᠤᠯᠲᠠ ᠶᠢ ᠲᠣᠭᠤᠷᠢᠨ ᠦᠵᠡᠪᠡ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠪᠦᠬᠦ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠨ | ᠦᠨᠡᠯᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠳᠠᠯᠠᠨ ᠬᠠᠷ᠎ᠠ ᠰᠢᠶᠠᠩ ᠤᠨ ᠪᠦᠬᠦ | ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠫᠦ᠋᠂ ᠵᠠᠰᠠᠭ ᠤᠨ ᠣᠷᠳᠣᠨ ᠤ ᠰᠢᠶᠠᠨ ᠤ ᠳᠡᠳ᠋ | ᠳᠠᠷᠤᠭ᠎ᠠ ᠵᠠᠩ ᠵᠢᠶᠧ ᠦᠨᠡᠯᠡᠯᠲᠡ ᠬᠢᠵᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠰᠢᠶᠠᠨ ᠦ᠋ | 2022 ᠣᠨ ᠤ ᠭᠤᠷᠪᠠᠳᠤᠭᠠᠷ ᠤᠳᠠᠭ᠎ᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠭᠠᠨ | ᠦᠨᠡᠯᠡᠬᠦ ᠠᠵᠢᠯ ᠤᠨ ᠪᠠᠶᠢᠳᠠᠯ ᠪᠣᠯᠤᠨ 2022 ᠣᠨ ᠤ 6 ᠰᠠᠷ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠪᠠᠶᠢᠳᠠᠯ ᠢ ᠨᠡᠶᠢᠲᠡᠯᠡᠵᠡᠢ᠃ ᠵᠠᠩ ᠵᠢᠶᠧ 2022 ᠣᠨ ᠤ ᠠᠩᠬᠠᠳᠤᠭᠠᠷ ᠤᠳᠠᠭ᠎ᠠ ᠶᠢᠨ | ᠪᠦᠬᠦ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠰᠢᠯᠭᠠᠨ | ᠦᠨᠡᠯᠡᠯᠲᠡ ᠶᠢᠨ ᠪᠠᠶᠢᠳᠠᠯ ᠢ ᠮᠡᠳᠡᠭᠳᠡᠵᠦ᠂ ᠵᠧᠦ ᠵᠧᠨ ᠭᠤᠸᠠᠩ ᠦᠴᠤᠸᠠᠨ ᠰᠢᠶᠠᠨ ᠤ ᠰᠤᠷᠤᠯᠴᠠᠯᠭ᠎ᠠ ᠶᠢᠨ | ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠲᠠᠪᠴᠠᠩ ᠤᠨ 6 ᠰᠠᠷ᠎ᠠ ᠶᠢᠨ ᠰᠤᠷᠤᠯᠴᠠᠯᠭ᠎ᠠ ᠶᠢᠨ ᠬᠡᠷᠡᠭᠯᠡᠭᠡᠨ ᠤ | ᠪᠠᠶᠢᠳᠠᠯ ᠢ ᠮᠡᠳᠡᠭᠳᠡᠪᠡ᠃ ᠬᠠᠷ᠎ᠠ ᠬᠤᠰᠢᠭᠤ ᠰᠢᠶᠠᠩ᠂ ᠳ᠋ᠧ ᠱᠧᠩ ᠭᠸᠦ ᠰᠢᠶᠠᠩ᠂ ᠬᠤᠭᠤᠯᠠᠢ ᠠᠭᠤᠯᠠ ᠰᠢᠶᠠᠩ᠂ | ᠬᠠᠷᠠᠭᠤᠯ ᠪᠠᠯᠭᠠᠰᠤ᠂ ᠰᠢᠶᠠᠨ ᠤ ᠲᠠᠩᠰᠠ ᠡᠪᠬᠡᠮᠡᠯ ᠤᠨ ᠣᠷᠳᠣᠨ᠂ ᠦᠴᠤᠸᠠᠨ ᠰᠢᠶᠠᠨ ᠤ ᠰᠢᠤᠳᠠᠨ ᠤ ᠬᠤᠪᠢᠶᠠᠷᠢ | ᠺᠣᠮᠫᠠᠨᠢ ᠲᠣᠰ ᠲᠣᠰ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠲᠠᠷᠢᠶᠠᠯᠠᠩ | ᠬᠥᠳᠡᠭᠡ ᠲᠣᠰᠬᠤᠨ ᠤ ᠭᠤᠤᠯᠳᠠᠯᠭ᠎ᠠ ᠲᠠᠢ ᠠᠵᠢᠯ ᠪᠠ ᠤᠯᠤᠰ ᠢᠶᠠᠨ ᠬᠦᠴᠦᠷᠬᠡᠭᠵᠢᠭᠦᠯᠬᠦ ᠰᠤᠷᠤᠯᠴᠠᠯᠭ᠎ᠠ ᠶᠢᠨ | ᠲᠠᠪᠴᠠᠩ ᠢ ᠰᠤᠷᠤᠯᠴᠠᠵᠤ ᠬᠡᠷᠡᠭᠯᠡᠬᠦ ᠠᠵᠢᠯ ᠢ ᠳᠥᠯᠭᠢᠨ ᠠᠬᠢᠭᠤᠯᠬᠤ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ | ᠲᠠᠯᠪᠢᠵᠠᠶ᠃ | ᠳᠠᠷᠠᠭ᠎ᠠ ᠨᠢ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠠᠮᠢᠶ᠎ᠠ ᠪᠦᠬᠦᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠪᠡᠶ᠎ᠡ ᠪᠠᠷ ᠢᠶᠠᠨ | ᠱᠠᠯᠠᠪᠳᠠᠭᠤᠯᠤᠨ ᠭᠦᠢᠴᠡᠳᠬᠡᠵᠦ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠬᠤ | ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠳᠤᠮᠳᠠ ᠲᠡᠵᠢᠭᠡᠨ ᠦᠷᠡᠵᠢᠭᠦᠯᠬᠦ ᠦᠵᠡᠯᠲᠡ᠂ ᠦᠢᠯᠡᠳᠪᠦᠷᠢᠯᠡᠯ ᠤᠨ ᠠᠷᠭ᠎ᠠ ᠪᠠᠨ ᠦᠨᠡᠨᠬᠦ | ᠬᠤᠪᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠰᠢᠶᠠᠯᠠᠨ ᠲᠡᠵᠢᠭᠡᠬᠦ ᠠᠵᠤ ᠦᠢᠯᠡᠰ ᠤᠨ ᠬᠥᠭᠵᠢᠯᠲᠡ ᠶᠢ | ᠶᠡᠬᠡᠪᠡᠷ ᠠᠬᠢᠭᠤᠯᠵᠤ᠂ ᠤᠳᠤ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠲᠠᠢ ᠤᠶᠠᠯᠳᠤᠭᠤᠯᠵᠤ᠂ ᠡᠯ᠎ᠡ ᠲᠦᠷᠦᠯ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠵᠦ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠬᠢᠴᠠ ᠲᠠᠢ ᠪᠣᠯᠬᠤ ᠶᠢ ᠦᠨᠡᠨᠬᠦ ᠠᠬᠢᠭᠤᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠰᠢᠨ᠎ᠡ ᠠᠯᠬᠤᠮ ᠢ ᠠᠯᠬᠤᠬᠤ ᠬᠡᠷᠡᠭᠲᠡᠢ ᠭᠡᠪᠡ᠃ | |