ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠬᠤᠢ ᠲᠠᠯᠠᠪᠠᠢ ᠶᠢᠨ ᠬᠤᠷᠠᠯ ᠵᠢᠴᠢ ︽ᠨᠠᠢᠮᠠ ᠳᠤ ᠣᠷᠣᠭᠤᠯᠬᠤ︾  ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/8
     ︵ᠰᠤᠷᠪᠤᠯᠵᠢᠯᠠᠭᠴᠢ ᠯᠢᠦ ᠱᠠ ᠱᠠ︶ 7 ᠳ᠋ᠤᠭᠠᠷ ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ  ᠠᠵᠢᠯ ᠤᠨ ᠠᠬᠤᠢ ᠲᠠᠯᠠᠪᠠᠢ ᠶᠢᠨ ᠬᠤᠷᠠᠯ ᠵᠢᠴᠢ ︽ᠨᠠᠢᠮᠠ ᠳᠤ ᠣᠷᠣᠭᠤᠯᠬᠤ︾ ᠠᠵᠢᠯ ᠢ ᠠᠬᠢᠭᠤᠯᠬᠤ ᠬᠤᠷᠠᠯ ᠰᠠᠶᠢᠬᠠᠨ ᠲᠣᠭᠤᠷᠢᠭ ᠲᠤ ᠬᠤᠷᠠᠯᠳᠤᠪᠠ᠃            ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ᠂ ᠬᠤᠳᠠ ᠶᠢᠨ ᠳᠡᠳ᠋ ᠳᠠᠷᠤᠭ᠎ᠠ ᠸᠠᠩ ᠶᠠᠨ  ᠵᠢᠶᠦ᠋ᠨ ᠣᠷᠣᠯᠴᠠᠪᠠ᠃            ᠬᠤᠷᠠᠯ ᠠᠴᠠ ᠰᠠᠶᠢᠬᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠣᠷᠣᠭᠤᠯᠬᠤ︾ ᠠᠵᠢᠯ ᠤᠨ ᠬᠠᠷᠢᠭᠤ ᠮᠡᠳᠡᠭᠦᠯᠦᠯᠲᠡ ᠶᠢ  ᠰᠣᠨᠣᠰᠴᠤ᠂ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂  ᠰᠤᠷᠭᠠᠨ ᠬᠥᠮᠦᠵᠢᠯ ᠤᠨ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ  ᠲᠠᠯᠪᠢᠵᠠᠢ᠃              ᠭᠧ ᡁᠢ ᠮᠢᠨ ᠴᠢᠬᠤᠯᠠᠴᠢᠯᠠᠬᠤ ᠳᠠᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ  ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭᠠᠨ ᠤ  ᠦᠢᠯᠡᠳᠦᠯᠭᠡ ᠮᠥᠨ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ   ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ  ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠤᠲᠠᠭᠤᠳᠠᠯ ᠢ ᠴᠢᠩᠭ᠎ᠠ ᠠᠩᠬᠠᠷᠴᠤ᠂ ᠪᠠᠭᠤᠷᠠᠢ ᠭᠤᠭᠴᠤᠭ᠎ᠠ ᠶᠢ ᠭᠦᠨᠵᠡᠭᠡᠢ ᠡᠷᠢᠵᠦ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ  ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ  ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠱᠠᠲᠤ ᠦᠶ᠎ᠡ ᠶᠢᠨ ᠴᠢᠨᠠᠷᠲᠠᠢ ᠲᠥᠯᠥᠪᠯᠡᠭᠡ ᠪᠠ  ᠠᠯᠤᠰ ᠬᠡᠲᠦ ᠶᠢᠨ ᠲᠥᠯᠦᠪᠵᠢᠭᠦᠯᠭᠡ ᠶᠢ ᠲᠣᠭᠲᠠᠭᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ  ᠪᠠᠶᠢᠭᠤᠯᠬᠤ ᠠᠵᠢᠯᠯᠠᠭ᠎ᠠ ᠶᠢᠨ ᠵᠢᠷᠤᠮᠵᠢᠯ᠂ ᠳᠦᠷᠢᠮᠵᠢᠯ ᠢ ᠲᠦᠯᠬᠢᠨ ᠠᠬᠢᠭᠤᠯᠬᠤ ᠬᠡᠷᠡᠭᠲᠡᠢ︔ ᠡᠯ᠎ᠡ ᠭᠡᠰᠢᠭᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠬᠡᠵᠦ᠂ ᠨᠢᠭᠲᠠ ᠬᠠᠮᠵᠢᠯᠴᠠᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠦᠴᠦᠷᠬᠡᠭ ᠶᠡᠭᠡ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠵᠤ  ᠂ ᠡᠭᠦᠳᠦᠨ ᠪᠠᠶᠢᠭᠤᠯᠬᠤ ᠡᠭᠦᠷᠭᠡ ᠬᠠᠷᠠᠯᠲᠠ ᠪᠠᠨ ᠦᠨᠡᠨᠬᠦ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ︔ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠢᠯᠠᠰ  ᠴᠡᠭ ᠢ ᠳᠣᠪᠣᠶᠢᠯᠭᠠᠬᠤ ᠪᠠ ᠨᠠᠷᠢᠨ ᠵᠦᠢᠯᠡᠰ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠴᠡᠭ ᠢ  ᠥᠷᠭᠡᠳᠬᠡᠵᠦ ᠬᠡᠪᠴᠢᠶ᠎ᠡ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠭᠡᠵᠡᠢ᠃            ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠴᠢᠶᠠᠨ ᠶᠢᠨ ᠭᠤᠳᠤᠮᠵᠢ ᠶᠢᠨ ᠨᠡᠶᠢᠭᠡᠮ ᠲᠣᠭᠤᠷᠢᠭ᠂ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ  ᠬᠤᠪᠢᠶᠠᠷᠢ ᠰᠤᠷᠭᠠᠭᠤᠯᠢ᠂ ᠰᠠᠶᠢᠬᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ  ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃            ᠪᠥᠬᠦ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠦᠨᠳᠦᠰᠦᠲᠡᠨ ᠤ  ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠵᠤ ᠬᠠᠷᠢᠯᠴᠠᠨ ᠰᠤᠷᠤᠯᠴᠠᠪᠠ᠃      
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号