ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ  2022 ᠣᠨ ᠤ 31 ᠳ᠋ᠦ᠋ᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
      ︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 6 ᠤ ᠣᠷᠣᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ  ᠳᠠᠷᠤᠭ᠎ᠠ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ  ᠭᠠᠵᠠᠷ ᠤᠨ ᠶᠡᠷᠦᠩᠬᠡᠢ ᠵᠢᠯᠣᠭᠤᠳᠤᠭᠴᠢ ᠾᠧ ᠬᠠᠢ ᠳ᠋ᠦᠩ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 31 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ  ᠬᠤᠷᠠᠯᠳᠤᠭᠤᠯᠪᠠ᠃ ᠬᠤᠷᠠᠯ ᠠᠴᠠ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠣᠷᠣᠨ ᠵᠢᠴᠢ ᠮᠠᠨ ᠤ ᠬᠤᠳᠠ ᠶᠢᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨᠲᠠ  ᠲᠣᠬᠢᠷᠠᠭᠤᠯᠵᠤ᠂ ᠳᠠᠬᠢᠨᠲᠠ ᠪᠠᠶᠢᠷᠢᠯᠠᠭᠤᠯᠪᠠ᠃            ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠴᠠᠭᠠᠬᠤ᠂ ᠰᠣᠷᠢᠯᠲᠠ ᠬᠢᠬᠦ ᠶᠢ ᠴᠠᠭ ᠲᠤᠬᠠᠢ ᠳᠤᠨᠢ ᠵᠣᠬᠢᠶᠠᠨ  ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠠᠵᠢᠯ ᠢ ᠨᠠᠷᠢᠯᠢᠭ  ᠴᠢᠩᠭ᠎ᠠ ᠠᠳᠬᠤᠵᠤ᠂ ᠪᠠᠶᠢᠩᠭᠤ ᠶᠢᠨ ᠪᠠᠶᠢᠳᠠᠯ ᠳᠣᠣᠷᠠᠬᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ  ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ  ᠴᠢᠩᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠬᠤ︾ ︽ᠬᠤᠶᠠᠷ ᠢ ᠰᠠᠭᠠᠲᠠᠭᠠᠬᠤ ᠦᠭᠡᠢ︾  ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠵᠠᠮ ᠬᠠᠷᠢᠯᠴᠠᠭᠠᠨ ᠤ ᠪᠣᠭᠤᠮᠲᠠ ᠶᠢ ᠴᠢᠩᠭ᠎ᠠ ᠰᠡᠷᠭᠡᠶᠢᠯᠡᠨ ᠰᠠᠬᠢᠵᠤ᠂ ᠬᠠᠮᠢᠶ᠎ᠠ ᠪᠦᠬᠦᠢ ᠪᠠᠶᠢᠴᠠᠭᠠᠨ ᠰᠢᠯᠭᠠᠬᠤ  ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ︾ ᠳᠡᠭᠡᠷ᠎ᠡ ᠠᠯᠳᠠᠰᠢ ᠭᠠᠷᠭᠠᠬᠤ ᠦᠭᠡᠢ  ᠪᠠᠶᠢᠬᠤ ᠬᠡᠷᠡᠭᠲᠡᠢ᠃ ᠡᠯ᠎ᠡ ᠵᠦᠢᠯ ᠤᠨ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ᠂ ᠲᠥᠪᠯᠡᠷᠡᠭᠦᠯᠦᠨ  ᠲᠤᠰᠠᠭᠠᠷᠯᠠᠬᠤ ᠲᠠᠯᠠᠪᠤᠷ ᠭᠠᠵᠠᠷ ᠢ ᠲᠣᠬᠢᠷᠠᠭᠤᠯᠬᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠬᠦ᠂ ᠠᠵᠢᠯᠲᠠᠨ ᠤ ᠡᠩᠨᠡᠭᠡ ᠪᠠ ᠪᠠᠴᠢᠮ ᠪᠠᠶᠢᠳᠠᠯ ᠢ  ᠠᠷᠭᠠᠴᠠᠨ ᠲᠤᠰᠠᠯᠠᠬᠤ ᠵᠡᠷᠭᠡ ᠲᠠᠯ᠎ᠠ ᠪᠠᠷ ᠰᠠᠶᠢᠲᠤᠷ ᠪᠡᠯᠡᠳᠬᠡᠯ ᠬᠢᠵᠦ᠂ ᠠᠵᠢᠯᠲᠠᠨ ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠡᠳ᠋ ᠪᠣᠳᠠᠰ ᠂ ᠴᠢᠳᠠᠪᠤᠷᠢ ᠶᠢ  ᠪᠡᠯᠡᠬᠡᠨ ᠪᠠᠶᠢᠯᠭᠠᠬᠤ ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠪᠠᠷᠢᠮᠵᠢᠶ᠎ᠠ᠂ ᠠᠵᠢᠯ ᠤᠨ ᠴᠤᠪᠤᠷᠠᠯ ᠢ ᠴᠢᠩᠭ᠎ᠠ ᠨᠢᠮᠪᠠᠢ ᠰᠠᠶᠢᠲᠤᠷ ᠬᠡᠷᠡᠭᠵᠢᠭᠦᠯᠬᠦ ᠬᠡᠷᠡᠭᠲᠡᠢ᠃  ᠲᠠᠬᠤᠯ ᠡᠪᠡᠳᠴᠢᠨ ᠤ ᠮᠥᠷᠳᠡᠨ ᠪᠠᠶᠢᠴᠠᠭᠠᠯᠲᠠ ᠶᠢ ᠲᠦᠷᠭᠡᠨ ᠣᠨᠣᠪᠴᠢᠲᠠᠢ ᠬᠢᠵᠦ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠪᠤᠰᠤᠳ ᠠᠶᠢᠮᠠᠭ ᠬᠤᠲᠠ ᠲᠠᠢ ᠵᠣᠯᠭᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠦᠭᠰᠢᠭᠦᠷᠢ ᠶᠢᠨ  ᠴᠡᠭ ᠪᠠ ᠬᠥᠮᠥᠨ ᠢ ᠨᠢᠭᠡᠳᠦᠭᠡᠷ ᠴᠠᠭ ᠲᠤᠨᠢ ᠬᠠᠮᠢᠶᠠᠷᠤᠨ ᠡᠵᠡᠮᠳᠡᠬᠦ ᠳᠡᠶᠢᠯᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ  ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂  ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ  ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃  ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠰᠢᠯᠤᠭᠤᠳᠬᠠᠨ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠡᠷᠡ ᠳᠠᠷᠤᠢ ᠳᠤᠨᠢ ᠳᠡᠭᠡᠭᠰᠢ ᠳᠣᠷᠣᠭᠰᠢ  ᠳᠠᠮᠵᠢᠭᠤᠯᠵᠤ᠂ ᠬᠢᠵᠢᠭ ᠤᠨ ᠪᠠᠶᠢᠳᠠᠯ ᠤᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠳᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ  ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠢᠵᠢᠭ ᠤᠨ ᠪᠠᠶᠢᠳᠠᠯ ᠢ ᠰᠠᠶᠢᠲᠤᠷ ᠬᠢᠨᠠᠨ ᠵᠢᠯᠤᠭᠤᠳᠴᠤ ᠰᠢᠮᠳᠠᠭᠤᠯᠤᠨ ᠪᠠᠶᠢᠴᠠᠭᠠᠬᠤ ᠬᠡᠷᠡᠭᠲᠡᠢ᠃  ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ  ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠤᠯᠠᠭᠠᠨ  ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃            ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂  ᠬᠤᠷᠢᠨᠭᠡᠷ ᠰᠢᠨ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号