ᠪᠣᠣ ᠭᠠᠩ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/8
      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ  ᠰᠤᠳᠤᠯᠪᠠ᠃            ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠵᠡᠭᠦᠨᠰᠢ ᠠᠴᠠ ᠪᠠᠨ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠠᠴᠠ ᠡᠬᠢᠯᠡᠵᠦ᠂  ᠪᠠᠷᠠᠭᠤᠨᠰᠢ ᠪᠠᠨ ᠪᠠᠶᠠᠨ ᠵᠠᠮ ᠤᠨ ᠥᠨᠳᠥᠷ ᠵᠠᠮ ᠠᠴᠠ ᠪᠠᠷᠠᠭᠤᠨᠰᠢᠬᠢ ᠣᠷᠣᠨ ᠳᠤ ᠬᠦᠷᠴᠦ᠂ ᠪᠠᠴᠢᠮ ᠶᠠᠭᠠᠷᠠᠯᠲᠠᠢ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ ᠨᠢᠭᠡᠨᠲᠡ ᠠᠩᠬ᠎ᠠ  ᠠᠯᠬᠤᠮ ᠤᠨ ᠦᠷ᠎ᠡ ᠪᠦᠲᠦᠮᠵᠢ ᠣᠯᠵᠠᠢ᠃ ᠪᠣᠣ ᠭᠠᠩ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠲᠤ ᠢᠷᠡᠵᠤ᠂ ᠴᠡᠷᠢᠭ ᠤᠨ ᠶᠠᠪᠤᠳᠠᠯ ᠤᠨ ᠲᠤᠨᠤᠭ  ᠲᠥᠬᠦᠭᠡᠷᠦᠮᠵᠢ ᠶᠢᠨ ᠦᠵᠡᠰᠬᠦᠯᠡᠩ ᠤᠨ ᠬᠦᠷᠢᠶᠡᠯᠡᠩ᠂ ᠪᠠᠭᠠᠴᠤᠳ ᠬᠡᠦᠬᠡᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠬᠥᠮᠦᠵᠢᠯ ᠢ ᠪᠡᠶᠡᠴᠢᠯᠡᠨ  ᠣᠶᠢᠯᠠᠭᠠᠬᠤ ᠴᠡᠩᠭᠡᠯ ᠤᠨ ᠬᠦᠷᠢᠶᠡᠯᠡᠩ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠶᠢᠯᠳᠤᠭᠠᠨ ᠳᠠᠶᠢᠯᠠᠯᠳᠤᠭᠠᠨ ᠢ ᠪᠡᠶᠡᠴᠢᠯᠡᠨ ᠣᠶᠢᠯᠠᠭᠠᠬᠤ ᠣᠷᠳᠣᠨ  ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠴᠡᠷᠢᠭ ᠤᠨ ᠶᠠᠪᠤᠳᠠᠯ ᠤᠨ ᠴᠡᠴᠡᠷᠯᠢᠭ ᠢ ᠪᠠᠶᠢᠭᠤᠯᠬᠤ ᠪᠣᠯ ᠪᠦᠬᠦ  ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ᠂ ᠤᠯᠠᠨ ᠲᠦᠮᠡᠨ ᠤ  ᠤᠯᠠᠨ ᠡᠰᠢᠲᠦ ᠰᠣᠶᠣᠯ ᠰᠡᠯᠡᠭᠦᠴᠡᠯ ᠤᠨ ᠬᠡᠷᠡᠭᠴᠡᠭᠡ ᠶᠢ ᠵᠣᠯᠭᠠᠭᠤᠯᠬᠤ ᠴᠢᠬᠤᠯᠠ ᠠᠴᠢᠶᠠᠯᠠᠪᠤᠷᠢ ᠮᠥᠨ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠦᠲᠦᠭᠡᠨ  ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠤᠳᠠ ᠶᠢᠨ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ  ᠬᠥᠮᠦᠵᠢᠯ᠂ ᠵᠤᠭᠠᠴᠠᠯ ᠰᠡᠯᠡᠭᠦᠴᠡᠯ᠂ ᠴᠡᠷᠢᠭ ᠤᠨ ᠶᠠᠪᠤᠳᠠᠯ ᠤᠨ ᠰᠣᠶᠣᠯ ᠢ ᠨᠢᠭᠡ ᠴᠣᠭᠴᠠᠵᠢᠭᠤᠯᠤᠭᠰᠠᠨ ᠵᠢᠪᠦᠯᠲᠦ ᠮᠠᠶ᠋ᠢᠭ ᠤᠨ ᠴᠡᠷᠢᠭ ᠤᠨ ᠶᠠᠪᠤᠳᠠᠯ ᠤᠨ ᠴᠡᠴᠡᠷᠯᠢᠭ ᠢ  ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃             ᠪᠠᠪᠠᠢ ᠨᠠᠭᠤᠷ ᠤᠨ ᠲᠡᠭᠦᠷᠭᠡ ᠶᠢᠨ ᠴᠡᠴᠡᠷᠯᠢᠭ᠂ ᠤᠢ ᠰᠢᠭᠤᠢ ᠶᠢᠨ ᠪᠦᠰᠡ ᠶᠢᠨ ᠦᠵᠡᠮᠵᠢ ᠶᠢᠨ ᠬᠡᠰᠡᠭ ᠵᠢᠴᠢ ᠨᠤᠭᠤ ᠭᠠᠵᠠᠷ ᠤᠨ ᠲᠡᠭᠦᠷᠭᠡ ᠶᠢᠨ ᠦᠵᠡᠮᠵᠢ ᠶᠢᠨ ᠪᠦᠰᠡ ᠳᠤ  ᠂ ᠪᠣᠣ ᠭᠠᠩ ᠣᠢ ᠰᠢᠭᠤᠢ ᠶᠢᠨ ᠵᠤᠭ᠎ᠠ ᠴᠡᠩᠭᠡᠯ᠂  ᠨᠠᠭᠤᠷ ᠤᠨ ᠦᠵᠡᠮᠵᠢ᠂ ᠨᠤᠭᠤ ᠭᠠᠵᠠᠷ ᠤᠨ ᠲᠠᠩ ᠵᠢᠴᠢ ᠴᠡᠴᠡᠭ ᠬᠤᠸᠠᠷ ᠲᠤᠩᠭᠠᠯᠠᠭ ᠭᠤᠷᠤᠬ᠎ᠠ ᠶᠢᠨ ᠪᠦᠲᠦᠭᠡᠨ  ᠪᠠᠶᠢᠭᠤᠯᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠭᠠᠵᠠᠷ ᠣᠷᠣᠨ ᠤ  ᠬᠢᠨ ᠢᠯᠡᠷᠡᠭᠦᠯᠦᠭᠰᠡᠨ ᠠᠰᠠᠭᠤᠳᠠᠯ ᠢ ᠳᠠᠷᠤᠶᠢᠬᠠᠨ ᠴᠡᠭᠴᠡᠯᠡᠨ  ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠬᠡᠯᠡᠬᠦ ᠳᠡᠭᠡᠨ᠂ ᠬᠤᠲᠠ ᠶᠢᠨ ᠲᠡᠭᠦᠷᠭᠡ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ  ᠡᠷᠬᠡᠪᠰᠢ ᠠᠮᠢ ᠠᠬᠤᠢ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠢ ᠶᠢᠨ ᠰᠡᠳᠬᠢᠬᠦᠢ ᠪᠠᠨ ᠴᠢᠩᠭᠠᠳᠬᠠᠨ᠂ ᠠᠮᠢ ᠠᠬᠤᠢ ᠶᠢᠨ ᠠᠷᠭ᠎ᠠ ᠪᠠᠷᠢᠯ ᠢ ᠬᠡᠷᠡᠭᠯᠡᠨ᠂  ᠬᠤᠲᠠ ᠶᠢᠨ ᠲᠡᠭᠦᠷᠭᠡ ᠶᠢᠨ ᠪᠠᠶᠢᠭᠠᠯᠢ ᠶᠢᠨ ᠦᠵᠡᠮᠵᠢ ᠳᠤ ᠲᠦᠰᠢᠭᠯᠡᠨ᠂ ᠤᠤᠯ ᠤᠨ ᠪᠠᠶᠢᠳᠠᠯ ᠳᠤᠨᠢ ᠰᠠᠭᠤᠷᠢᠯᠠᠨ᠂ ᠬᠥᠮᠥᠨ ᠤ ᠬᠦᠴᠦ ᠶᠢ ᠬᠠᠮᠤᠭ ᠤᠨ ᠪᠠᠭ᠎ᠠ ᠬᠡᠮᠵᠢᠶ᠎ᠡ ᠪᠠᠷ  ᠣᠷᠤᠭᠤᠯᠬᠤ ᠵᠠᠷᠴᠢᠮ ᠢᠶᠠᠷ ᠲᠦᠯᠬᠢᠨ ᠠᠬᠢᠭᠤᠯᠬᠤ ᠬᠡᠷᠡᠭᠲᠡᠢ᠃ ᠬᠠᠰᠤᠬᠤ ᠠᠷᠭ᠎ᠠ ᠶᠢ ᠰᠤᠷᠴᠤ᠂ ᠬᠤᠲᠠ ᠶᠢᠨ ᠲᠡᠭᠦᠷᠭᠡ ᠶᠢᠨ ᠴᠡᠴᠡᠷᠯᠢᠭ ᠤᠨ ᠠᠮᠢ ᠠᠬᠤᠢ ᠶᠢ ᠲᠡᠷᠢᠭᠦᠨ ᠳᠤ  ᠲᠠᠯᠪᠢᠬᠤ ᠶᠢ ᠪᠠᠷᠢᠮᠲᠠᠯᠠᠬᠤ᠂ ᠪᠠᠶᠢᠭᠠᠯᠢ ᠶᠢᠨ ᠣᠨᠴᠠᠯᠢᠭ ᠢ ᠢᠯᠡᠷᠡᠭᠦᠯᠬᠦ ᠣᠶᠢᠯᠠᠭᠠᠭᠳᠠᠬᠤᠨ ᠢ ᠭᠦᠨᠵᠡᠭᠡᠢ ᠣᠶᠢᠯᠠᠭᠠᠵᠤ᠂ ᠪᠠᠶᠢᠭᠠᠯᠢ ᠶᠢᠨ ᠭᠤᠸ᠎ᠠ ᠰᠠᠶᠢᠬᠠᠨ᠂ ᠡᠶ᠎ᠡ ᠵᠣᠬᠢᠴᠠᠯ ᠤᠨ  ᠭᠤᠸ᠎ᠠ ᠰᠠᠶᠢᠬᠠᠨ᠂ ᠬᠤᠲᠠ ᠶᠢᠨ ᠲᠡᠭᠦᠷᠭᠡ ᠶᠢᠨ ᠭᠤᠸ᠎ᠠ ᠰᠠᠶᠢᠬᠠᠨ ᠢ ᠦᠨᠡᠨᠬᠦ ᠢᠯᠡᠷᠡᠭᠦᠯᠬᠦ ᠬᠡᠷᠡᠭᠲᠡᠢ᠃ ᠪᠠᠶᠢᠭᠠᠯᠢ ᠶᠢᠨ ᠠᠶᠢᠯ ᠲᠣᠰᠬᠤᠨ᠂ ᠬᠤᠳᠠ ᠶᠢᠨ ᠲᠡᠭᠦᠷᠭᠡ ᠶᠢᠨ ᠲᠠᠷᠢᠶᠠᠨ  ᠭᠠᠵᠠᠷ᠂ ᠠᠮᠢ ᠠᠬᠤᠢ ᠶᠢᠨ ᠤᠢ ᠮᠣᠳᠣ᠂ ᠤᠰᠤᠨ ᠰᠢᠰᠲ᠋ᠧᠮ ᠤᠨ ᠨᠤᠭᠤ ᠭᠠᠵᠠᠷ᠂ ᠲᠡᠦᠬᠡ ᠶᠢᠨ ᠳᠦᠷᠰᠦ ᠪᠠᠶᠢᠳᠠᠯ ᠵᠡᠷᠭᠡ ᠠᠮᠢ ᠠᠬᠤᠢ ᠶᠢᠨ ᠰᠣᠶᠣᠯ ᠢᠷᠭᠡᠨᠰᠢᠯ ᠤᠨ ᠡᠬᠢ  ᠪᠠᠶᠠᠯᠢᠭ ᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠡᠷᠭᠢ ᠳᠠᠭᠠᠤ ᠶᠢᠨ ᠠᠶᠢᠯ ᠲᠣᠰᠬᠤᠨ ᠢ ᠬᠥᠲᠥᠯᠥᠨ  ᠵᠢᠯᠤᠭᠤᠳᠴᠤ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠨᠡᠩ ᠤᠯᠠᠨ ᠲᠣᠰᠬᠤᠨ ᠤ ᠠᠷᠠᠳ ᠲᠤ ᠠᠮᠢ ᠠᠬᠤᠢ ᠶᠢᠨ ᠠᠰᠢᠭ ᠢ ᠡᠳ᠋ᠯᠡᠭᠦᠯᠬᠦ ᠬᠡᠷᠡᠭᠲᠡᠢ᠃ ᠳᠠᠬᠢᠯᠲᠠ  ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠭᠤᠣᠯ ᠤᠨ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠢ ᠪᠠᠷ ᠨᠥᠬᠦᠪᠦᠷᠢᠯᠡᠨ᠂ ᠤᠰᠤᠨ ᠤ ᠡᠬᠢ  ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠴᠢᠩᠭᠠᠷᠠᠭᠤᠯᠵᠤ᠂ ︽ᠭᠤᠣᠯ ᠨᠢ ᠤᠷᠤᠰᠬᠠᠯ ᠲᠠᠢ ᠤᠰᠤ ᠨᠢ ᠲᠤᠩᠭᠠᠯᠠᠭ︾᠂ ︽ᠡᠷᠭᠢ ᠨᠢ ᠨᠣᠭᠤᠭᠠᠨ ᠦᠵᠡᠮᠵᠢ ᠨᠢ ᠰᠠᠶᠢᠬᠠᠨ︾᠂  ︽ᠬᠥᠮᠥᠨ ᠤᠰᠤ ᠡᠶ᠎ᠡ ᠵᠣᠬᠢᠴᠠᠯ ᠲᠠᠢ︾ ᠠᠮᠢ ᠠᠬᠤᠢ ᠶᠢᠨ ᠪᠠᠶᠢᠷᠢᠰᠢᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃            ᠬᠤᠳᠠ ᠶᠢᠨ ᠤᠳᠤᠷᠢᠳᠤᠯᠭ᠎ᠠ ᠯᠢᠦ ᠴᠧᠩ ᠮᠢᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ  ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号