| | | 7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ ᠬᠤᠷᠠᠯ ᠬᠤᠷᠠᠯᠳᠤᠪᠠ᠃ | ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ | ᠳᠥᠷᠪᠡᠳᠦᠭᠡᠷ᠂ ᠬᠤᠷᠢᠨ ᠲᠠᠪᠤᠳᠤᠭᠠᠷ᠂ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠭᠤᠷᠪᠠᠳᠤᠭᠠᠷ | ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽2021 ᠣᠨ ᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠴᠤᠸᠠᠨ ᠰᠢᠶᠠᠨ ᠤ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠠᠵᠢᠯ ᠤᠨ ᠳ᠋ᠦᠩᠨᠡᠯᠲᠡ︾ ᠪᠠ ︽2022 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ | ᠰᠢᠶᠠᠨ ᠤ ᠬᠤᠷᠢ᠊ ᠡᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠭᠤᠣᠯᠳᠠᠯᠭ᠎ᠠ︾ | ᠶᠢ ᠬᠢᠨᠠᠨ ᠵᠥᠪᠯᠡᠪᠡ᠃ | ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠶᠠᠩ ᠰᠢᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ ᠲᠡᠷᠡ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠡᠩ | ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠪᠣᠳᠠᠲᠠᠢ ᠶᠢ ᠡᠷᠬᠢᠮᠯᠡᠬᠦ ᠣᠪᠣᠷ᠂ ᠯᠠᠪᠳᠠᠭᠤᠨ ᠪᠠᠲᠤᠲᠠᠢ ᠰᠤᠷᠲᠠᠯ ᠢᠶᠠᠷ | ᠥᠭᠡᠷᠡᠴᠢᠯᠡᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠨᠡᠶᠢᠲᠡᠯᠢᠭ ᠵᠢᠱᠢᠶ᠎ᠡ ᠪᠠᠷ ᠬᠦᠳᠦᠯᠦᠨ ᠳᠠᠭᠠᠭᠤᠯᠬᠤ᠂ ᠪᠣᠳᠠᠲᠤ ᠶᠠᠪᠤᠳᠠᠯ ᠬᠢᠵᠦ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠮᠠᠨ ᠤ ᠰᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠣᠭᠲᠠᠭᠤᠨ ᠢᠶᠠᠷ ᠠᠬᠢᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ᠂ ᠰᠤᠷᠭᠠᠨ ᠬᠥᠮᠦᠵᠢᠯ᠂ ᠡᠮ ᠡᠮᠨᠡᠯᠭᠡ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠵᠤ᠂ ᠬᠥᠭᠵᠢᠯᠲᠡ ᠶᠢᠨ | ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠥᠭᠡᠷᠡᠴᠢᠯᠡᠯᠲᠡ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠭᠤᠶᠢᠪᠢᠰᠢ ᠦᠭᠡᠢ | ᠪᠠᠷᠢᠮᠲᠠᠯᠠᠵᠤ᠂ ᠮᠠᠨ ᠤ ᠰᠢᠶᠠᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠳᠤ ᠴᠢᠬᠤᠯᠠ ᠦᠷ᠎ᠡ | ᠪᠦᠲᠦᠮᠵᠢ ᠤᠯᠬᠤ᠂ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠪᠡ᠃ | | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠨᠡᠩ ᠥᠨᠳᠥᠷ ᠵᠣᠭᠰᠣᠴᠠ ᠪᠠᠷ ᠥᠭᠡᠷᠡᠴᠢᠯᠡᠯᠲᠡ ᠶᠢ | ᠠᠳᠬᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠴᠢᠬᠤᠯᠠ ᠥᠭᠦᠯᠡᠯᠲᠡ ᠪᠠᠷ ᠬᠥᠲᠥᠯᠦᠮᠵᠢ ᠪᠣᠯᠭᠠᠵᠤ᠂ ᠨᠠᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ | ᠥᠭᠡᠷᠡᠴᠢᠯᠡᠯᠲᠡ ᠶᠢᠨ ᠡᠭᠦᠰᠦᠯᠲᠡ ᠪᠠ ᠲᠤᠰᠤᠯᠳᠠ ᠪᠣᠯᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠭᠦᠯᠪᠡ᠃ ᠬᠤᠶᠠᠷ ᠲᠤ᠂ | ᠭᠤᠣᠯᠳᠠᠯᠭ᠎ᠠ ᠪᠠᠷ ᠰᠢᠪᠲᠤᠯᠤᠯᠲᠠ ᠪᠣᠯᠭᠠᠨ ᠥᠭᠡᠷᠡᠴᠢᠯᠡᠯᠲᠡ ᠶᠢ ᠠᠳᠬᠤᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠪᠠᠷ ᠭᠤᠣᠯᠳᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠲᠠᠶᠢᠴᠢᠯᠠᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠪᠠᠷ ᠠᠷᠠᠳ ᠲᠦᠮᠡᠨ ᠳᠤ ᠪᠤᠶᠠᠨ ᠦᠢᠯᠡᠳᠬᠦ | ᠬᠡᠷᠡᠭᠲᠡᠢ᠃ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠢᠳᠡᠪᠬᠢᠲᠡᠶ ᠪᠠᠷ ᠪᠤᠢ ᠪᠣᠯᠭᠠᠵᠤ᠂ ᠠᠵᠤ ᠠᠬᠤᠶ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ | ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠦᠬᠦᠯᠢ | ᠴᠣᠭᠴᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ | ᠰᠢᠨ᠎ᠡ ᠬᠡᠪ ᠵᠠᠭᠪᠤᠷ ᠰᠢᠨ᠎ᠡ ᠠᠷᠭ᠎ᠠ ᠶᠢ ᠰᠦᠪᠡᠭᠴᠢᠯᠡᠵᠦ᠂ ᠲᠦᠭᠵᠢᠷᠡᠯ ᠢ ᠨᠡᠪᠲᠡᠷᠡᠭᠦᠯᠵᠦ᠂ ᠬᠦᠴᠢᠷ ᠠᠰᠠᠭᠤᠳᠠᠯ ᠢ | ᠰᠢᠢᠳᠪᠦᠷᠢᠯᠡᠵᠦ᠂ ᠬᠦᠴᠢᠷ ᠠᠰᠠᠭᠤᠳᠠᠯ ᠢ ᠠᠷᠢᠯᠭᠠᠵᠤ᠂ ᠥᠭᠡᠷᠡᠴᠢᠯᠡᠯᠲᠡ ᠶᠢ ᠦᠨᠡᠨᠬᠦ ᠮᠠᠨ ᠤ ᠰᠢᠶᠠᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠬᠤ ᠬᠡᠷᠡᠭᠲᠡᠢ᠃ ᠭᠤᠷᠪᠠ ᠳᠤ᠂ ᠨᠡᠩ | ᠥᠨᠳᠥᠷ ᠪᠠᠷᠢᠮᠵᠢᠶ᠎ᠠ ᠶᠢᠨ ᠱᠠᠭᠠᠷᠳᠠᠯᠭ᠎ᠠ ᠪᠠᠷ ᠥᠭᠡᠷᠡᠴᠢᠯᠡᠯᠲᠡ ᠶᠢ ᠠᠳᠬᠤᠬᠤ ᠳᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠨᠢ ᠵᠢᠱᠢᠶ᠎ᠡ ᠦᠵᠡᠭᠦᠯᠬᠦ᠂ ᠬᠡᠪ ᠳᠠᠭᠤᠷᠢᠶᠠᠯ ᠪᠣᠯᠬᠤ ᠳᠤ ᠪᠤᠢ᠂ ᠨᠢᠭᠡ ᠪᠦᠯᠦᠭ | ᠨᠥᠯᠥᠭᠡᠯᠡᠬᠦ ᠬᠦᠴᠦᠨ ᠲᠠᠢ ᠥᠭᠡᠷᠡᠴᠢᠯᠡᠯᠲᠡ ᠶᠢᠨ ᠲᠦᠷᠦᠯ ᠳᠡᠮᠳᠡᠭ ᠢ ᠬᠦᠴᠦᠯᠡᠨ ᠡᠭᠦᠳᠴᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠭᠰᠡᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠳᠠᠰᠤᠷᠠᠯᠳᠠ ᠦᠭᠡᠢ ᠳ᠋ᠦᠩᠨᠡᠵᠦ᠂ ᠨᠢᠭᠡ ᠪᠦᠯᠦᠭ | ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ | ᠃ ᠲᠦᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ | ᠥᠭᠡᠷᠡᠴᠢᠯᠡᠯᠲᠡ ᠶᠢ ᠠᠳᠬᠤᠬᠤ ᠳᠤ᠂ ᠡᠯ᠎ᠡ ᠲᠠᠯ᠎ᠠ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠬᠤ | ᠬᠡᠷᠡᠭᠲᠡᠢ᠃ ᠬᠠᠷᠠᠯᠲᠠᠲᠤ ᠬᠠᠷᠢᠭᠤᠴᠠᠯᠭ᠎ᠠ ᠶᠢᠨ ᠲᠣᠭᠲᠠᠴᠠ᠂ ᠱᠠᠯᠠᠪᠳᠠᠭᠤᠯᠤᠨ ᠪᠠᠶᠢᠴᠠᠭᠠᠵᠤ ᠵᠣᠬᠢᠴᠠᠭᠤᠯᠬᠤ | ᠲᠣᠭᠲᠠᠴᠠ ᠶᠢ ᠪᠦᠷᠢᠨᠰᠢᠬᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠦᠷᠦ ᠶᠢᠨ | ᠪᠤᠳᠤᠯᠭ᠎ᠠ ᠶᠢᠨ ᠬᠠᠨᠳᠤᠰᠢ ᠶᠢᠨ ᠲᠠᠯ᠎ᠠ ᠪᠠᠷ ᠬᠠᠷᠢᠯᠴᠠᠨ ᠬᠠᠮᠵᠢᠯᠴᠠᠬᠤ ᠶᠢ ᠪᠠᠲᠤᠯᠠᠵᠤ᠂ ᠬᠡᠷᠡᠭᠵᠢᠭᠦᠯᠬᠦ ᠶᠠᠪᠤᠴᠠ ᠳᠤ | ᠬᠠᠷᠢᠯᠴᠠᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ ᠬᠠᠷᠢᠯᠴᠠᠨ | ᠲᠤᠪᠤᠶᠢᠯᠭᠠᠬᠤ ᠶᠢ ᠪᠠᠲᠤᠯᠠᠬᠤ ᠬᠡᠷᠡᠭᠲᠡᠢ ᠭᠡᠪᠡ᠃ | |