ᠬᠠᠳᠠ ᠠᠯᠲᠠᠨ ᠭᠤᠷᠪᠠᠯᠵᠢᠨ ᠬᠤᠶᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠷᠢᠳ ᠬᠤᠵᠢᠳ ᠥᠪᠥᠷ ᠮᠣᠩᠭᠤᠯ ᠤᠨ ᠬᠤᠸᠠ ᠯᠠᠶ ᠱᠢ ᠢᠳᠡᠭᠡᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠵᠢᠶᠠᠨ ᠪᠦᠦ ᠮᠧᠩ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ  ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠫᠦ᠋ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠬᠠᠳᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠨᠳᠤᠯᠭ᠎ᠠ ᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠴᠢᠭᠯᠡᠯ ᠢ ᠨᠢ ᠡᠷᠢᠵᠦ᠂ ᠬᠥᠭᠵᠢᠯᠲᠡ ᠶᠢ ᠨᠢ ᠡᠷᠢᠯᠬᠢᠯᠡᠭᠰᠡᠨ ᠪᠠᠶᠢᠨ᠎ᠠ᠃ ᠠᠵᠤ ᠠᠬᠤᠶᠢᠯᠠᠯ ᠤᠨ ᠰᠢᠨ᠎ᠡ ᠬᠥᠭᠵᠢᠯᠲᠡ ᠶᠢᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠠᠷᠠᠯᠲᠠ ᠶᠢ ᠳᠠᠭᠠᠷᠢᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠵᠣᠷᠢᠭᠵᠢᠭᠤᠯᠪᠠ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠯᠠᠭᠴᠢ ᠬᠦᠴᠦᠨ ᠪᠠ ᠰᠠᠭᠤᠷᠢ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠦᠯᠳᠡᠷᠵᠢᠭᠦᠯᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ ᠨᠡᠮᠡᠭᠳᠡᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠦᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号