︽ᠠᠷᠪᠠ ᠶᠢ ᠪᠠᠷᠢᠮᠲᠠᠯᠠᠬᠤ︾ ᠶᠢ ᠪᠠᠲᠤ ᠴᠡᠭᠡᠵᠢᠯᠡᠵᠦ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ︽ᠵᠢᠷᠭᠤᠭᠠᠨ ᠰᠢᠨ᠎ᠡ ᠦᠴᠤᠸᠠᠨ ︾ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ — ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ︽ᠲᠤᠯᠤᠭᠠᠨ ᠰᠠᠷ᠎ᠠ ᠶᠢᠨ ᠨᠢᠭᠡᠨ︾ ᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 2 ᠤᠨ ᠡᠳᠦᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠨᠡᠨᠬᠦ ᠰᠤᠷᠤᠯᠴᠠᠵᠤ ᠦᠨᠡᠨᠬᠦ ᠢᠲᠡᠭᠡᠬᠦ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠳᠤᠮᠳᠠ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠡᠳᠡᠬᠦᠶ ᠬᠢᠬᠦᠶ ᠪᠠᠨ ᠨᠢᠭᠡᠳᠬᠡᠬᠦ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠴᠢ ᠬᠠᠷᠢᠭᠤᠯᠠᠬᠤ ᠰᠡᠳᠬᠢᠯ᠂ ᠲᠡᠮᠡᠴᠡᠬᠦ ᠵᠣᠷᠢᠭ᠂ ᠪᠣᠳᠠᠲᠠᠢ ᠠᠵᠢᠯᠯᠠᠬᠤ ᠠᠵᠢᠯᠯᠠᠭ᠎ᠠ ᠪᠠᠷ ᠰᠢᠯᠭᠠᠯᠲᠠ ᠳᠤ ᠣᠷᠣᠯᠴᠠᠬᠤ ᠰᠢᠨ᠎ᠡ ᠵᠠᠮ ᠳᠤ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠵᠣᠷᠢᠭᠵᠢᠭᠤᠯᠪᠠ᠃ ᠪᠦᠬᠦ ᠤᠯᠤᠰ ᠢᠶᠠᠷ ᠢᠶᠠᠨ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠠᠶᠠᠷᠯᠠᠨ ᠤᠭᠲᠤᠵᠤ ᠪᠠᠶᠢᠭ᠎ᠠ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ︽ᠠᠷᠪᠠ ᠶᠢ ᠪᠠᠷᠢᠮᠲᠠᠯᠠᠬᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ︿ᠵᠢᠷᠭᠤᠭᠠᠨ ᠰᠢᠨ᠎ᠡ ᠦᠴᠤᠸᠠᠨ﹀ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ︾ ᠪᠠᠷ ᠰᠡᠳᠦᠪᠯᠡᠵᠦ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠭᠤᠣᠯ ᠰᠡᠳᠦᠪᠲᠦ ᠨᠠᠮ ᠤᠨ ᠬᠢᠴᠢᠶᠡᠯ ᠵᠢᠭᠠᠵᠤ ᠥᠭᠴᠡᠢ᠃      ᠷᠧᠨ ᠶᠠᠨ ᠰᠢᠶᠠᠩ᠂ ᠰᠢᠶᠤ ᠴᠢᠦᠶ ᠫᠢᠩ᠂ ᠵᠧᠤ ᠵᠧᠨ ᠭᠤᠸᠠᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠬᠡᠷ ᠲᠡᠭᠡᠨ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠮ ᠤᠨ ᠬᠢᠴᠢᠶᠡᠯ ᠢ ᠰᠣᠨᠣᠰᠪᠠ᠃      ᠶᠠᠩ ᠰᠢᠩ ᠱᠧᠩ ᠨᠠᠮ ᠤᠨ ᠬᠢᠴᠢᠶᠡᠯ ᠳᠤ ᠵᠢᠭᠠᠵᠤ ᠭᠠᠷᠭᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠶ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ ᠳᠤ ᠠᠰᠢᠭ ᠣᠯᠭᠤᠬᠤ᠂ ᠠᠷᠠᠳ ᠲᠦᠮᠡᠨ ᠳᠤ ᠤᠴᠢᠷ ᠶᠠᠪᠤᠳᠠᠯ ᠰᠢᠢᠳᠪᠦᠷᠢᠯᠡᠬᠦ᠂ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠨᠡᠶᠢᠭᠡᠮ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠵᠤ᠂ ᠠᠷᠠᠳ ᠤᠯᠠᠨ ᠤ ᠠᠮᠤᠷ ᠵᠢᠮᠦᠷ ᠠᠵᠤ ᠲᠦᠷᠦᠭᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠬᠦᠷᠢᠶᠡᠨ ᠤ ᠬᠠᠰᠢᠷ ᠮᠡᠷᠭᠡᠵᠢᠯᠲᠡᠨ ᠪᠤᠯᠵᠤ᠂ ᠤᠨᠤᠯ ᠤᠨ ᠦᠢᠯᠡᠳᠦᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠢᠯᠡᠳᠦᠯᠭᠡ ᠶᠢᠨ ᠰᠢᠨ᠎ᠡ ᠡᠭᠦᠳᠦᠯᠲᠡ ᠪᠠᠷ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠦᠢᠯᠡ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠢᠮᠠᠭᠲᠠ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠦᠴᠤᠸᠠᠨ ᠰᠢᠶᠠᠨ ᠤ ᠺᠠᠳ᠋ᠷ ᠤᠨ ᠲᠦᠷᠢ ᠲᠥᠷᠬᠦ ᠶᠢ ᠴᠣᠭᠴᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠭᠠᠪᠰᠢᠭᠠᠶᠢᠯᠠᠵᠤ᠂ ᠦᠯᠢᠭᠡᠷ ᠳᠠᠭᠤᠷᠢᠶᠠᠯ ᠪᠤᠯᠵᠤ᠂ ᠲᠦᠢᠯ ᠤᠨ ᠬᠠᠷᠢᠭᠤᠴᠠᠯᠭ᠎ᠠ ᠲᠠᠢ ᠠᠵᠢᠯ ᠤᠨ ᠰᠤᠷᠲᠠᠯ ᠢᠶᠠᠨ ᠴᠢᠩᠭᠠᠳᠬᠠᠬᠤ ᠬᠡᠷᠡᠭᠲᠡᠶ᠃ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠥᠪᠡᠷ ᠤᠨ ᠪᠡᠶ᠎ᠡ ᠪᠠᠷ ᠢᠶᠠᠨ ᠨᠠᠮ ᠤᠨ ᠬᠦᠰᠡᠯ ᠵᠣᠷᠢᠯᠲᠠ ᠶᠢ ᠪᠡᠶᠡᠯᠡᠭᠦᠯᠬᠦ ᠶᠢ ᠡᠷᠡᠰ ᠪᠠᠷᠢᠮᠲᠠᠯᠠᠵᠤ᠂ ᠠᠵᠢᠯ ᠤᠨ ᠪᠠᠶᠢᠷᠢ ᠳᠤ ᠦᠨᠳᠦᠰᠦᠯᠡᠵᠦ᠂ ᠭᠤᠮᠣᠳᠠᠯ ᠦᠭᠡᠢ ᠪᠠᠶᠢᠵᠤ᠂ ᠨᠠᠮ ᠪᠠ ᠠᠷᠠᠳ ᠲᠦᠮᠡᠨ ᠤ ᠲᠥᠯᠥᠭᠡ ᠬᠤᠪᠢ ᠨᠡᠮᠡᠷᠢ ᠦᠵᠡᠭᠦᠯᠬᠦ ᠶᠠᠪᠤᠴᠠ ᠳᠤ ᠬᠥᠮᠦᠨ ᠤ ᠠᠮᠢᠳᠤᠷᠠᠯ ᠤᠨ ᠢᠷᠠᠭᠤ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠠᠮ ᠨᠡᠭᠡᠭᠡᠨ ᠰᠢᠨ᠎ᠡ ᠶᠢ ᠡᠭᠦᠳᠬᠦ᠂ ᠠᠵᠢᠯ ᠬᠢᠵᠦ ᠦᠢᠯᠡᠰ ᠪᠤᠰᠬᠠᠬᠤ ᠰᠢᠨ᠎ᠡ ᠬᠡᠪ ᠪᠠᠶᠢᠳᠠᠯ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠠᠨᠢᠯᠲᠠ ᠶᠢᠨ ᠲᠠᠰᠢᠶᠠᠷᠠᠯ ᠢ ᠡᠪᠳᠡᠵᠦ᠂ ᠰᠢᠨ᠎ᠡ ᠶᠢ ᠡᠭᠦᠳᠬᠦ ᠶᠢ ᠵᠥᠪ ᠲᠠᠨᠢᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠢᠯ ᠦᠢᠯᠡᠰ ᠲᠡᠭᠡᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠯᠠᠵᠤ᠂ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠷᠢᠭᠦᠨ ᠤ ᠠᠵᠢᠯ ᠤᠨ ᠠᠮᠵᠢᠯᠲᠠ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠠᠰᠤᠷᠠᠯᠲᠠ ᠦᠭᠡᠶ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠡᠪ ᠬᠠᠮᠲᠤᠴᠤᠳ ᠤᠨ ᠬᠠᠷᠢᠴᠠᠯᠠᠰᠢᠭᠦᠢ ᠠᠷᠢᠭᠤᠨ ᠴᠡᠪᠡᠷ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠠᠰᠠᠭᠤᠳᠠᠯ ᠳᠤ ᠵᠥᠪ ᠢᠶᠠᠷ ᠬᠠᠨᠳᠤᠬᠤ ᠪᠠ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠨᠡᠩ ᠴᠤᠭ ᠪᠠᠳᠠᠷᠠᠩᠭᠤᠢ ᠣᠪᠣᠷ ᠪᠠᠶᠢᠳᠠᠯ ᠪᠣᠯᠤᠨ ᠨᠡᠩ ᠯᠠᠪᠳᠠᠭᠤᠨ ᠪᠠᠲᠤᠲᠠᠢ ᠠᠵᠢᠯᠯᠠᠭ᠎ᠠ ᠪᠠᠷ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠬᠢᠵᠦ ᠦᠢᠯᠡᠰ ᠪᠤᠰᠬᠠᠬᠤ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号