ᠡᠷᠡᠮᠡᠬᠡᠶᠢᠯᠡᠨ ᠤᠷᠤᠭᠰᠢᠯᠠᠵᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠦᠵᠡᠮᠵᠢ ᠶᠢ ᠵᠢᠷᠤᠭᠯᠠᠬᠤ  ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠬᠤᠶᠠᠳᠤᠭᠠᠷ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 2 ᠤᠨ ᠡᠳᠦᠷ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠬᠤᠶᠠᠳᠤᠭᠠᠷ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠠᠯᠠᠨ ᠬᠠᠷ᠎ᠠ ᠰᠢᠶᠠᠩ ᠳᠤ ᠬᠤᠷᠠᠯᠳᠤᠪᠠ᠃ ᠶᠠᠩ ᠰᠢᠩ ᠱᠧᠩ᠂ ᠷᠧᠨ ᠶᠠᠨ ᠰᠢᠶᠠᠩ᠂ ᠰᠢᠶᠧ ᠴᠢᠦᠢ ᠫᠢᠩ᠂ ᠵᠧᠦ ᠵᠧᠨ ᠭᠤᠸᠠᠩ ᠵᠡᠷᠭᠡ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠣᠯᠤᠨ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃      ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠳᠠᠯᠠᠨ ᠬᠠᠷ᠎ᠠ ᠠᠭᠤᠯᠠ ᠰᠢᠶᠠᠩ ᠤᠨ ᠭᠠᠨᠴᠠᠬᠠᠨ ᠵᠠᠰᠠᠭ ᠵᠠᠬᠢᠷᠭᠠᠨ ᠤ ᠲᠣᠰᠬᠤᠨ ᠤ ᠰᠠᠨ ᠾᠧ ᠢᠦᠢ ᠪᠠᠶᠢᠭᠠᠯᠢ ᠲᠣᠰᠬᠤᠨ ᠤ ᠶᠢᠨ ᠵᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠠᠰᠢᠶᠠᠯᠠᠨ ᠲᠡᠵᠢᠭᠡᠵᠦ ᠦᠷᠡᠵᠢᠭᠦᠯᠬᠦ᠂  ᠭᠠᠨᠴᠠᠬᠠᠨ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠣᠯᠠᠨ ᠲᠦᠮᠡᠨᠴᠢ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ᠂ ᠤᠯᠠᠭᠠᠨᠪᠤᠯᠠᠭ ᠵᠠᠰᠠᠭ ᠵᠠᠬᠢᠷᠭᠠᠨ ᠤ ᠲᠣᠰᠬᠤᠨ ᠤ ᠬᠦᠭᠡ ᠲᠠᠷᠢᠶᠠᠯᠠᠩ ᠤᠨ ᠲᠠᠯᠠᠪᠠᠢ᠂ ᠡᠦ ᠳ᠋ᠤᠤ ᠭᠸᠤ ᠠᠷᠠᠳ ᠤᠨ ᠵᠠᠩ ᠦᠢᠯᠡ ᠶᠢᠨ ᠣᠷᠳᠣᠨ᠂ ᠢᠳᠡᠰᠢᠨ ᠨᠣᠭᠤᠭ᠎ᠠ ᠲᠡᠭᠦᠬᠦ ᠬᠦᠯᠡᠮᠵᠢ᠂ ᠠᠶᠠᠨᠴᠢᠳ ᠢ ᠬᠦᠯᠢᠶᠡᠨ ᠠᠪᠬᠤ ᠲᠥᠪ ᠤᠨ ᠪᠦᠳᠦᠭᠡᠨ ᠪᠠᠶᠢᠭᠤᠯᠤᠯᠲᠠ ᠶᠢ ᠲᠣᠭᠤᠷᠢᠨ ᠦᠵᠡᠪᠡ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠦᠨᠡᠯᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠳᠠᠯᠠᠨ ᠬᠠᠷ᠎ᠠ ᠰᠢᠶᠠᠩ ᠤᠨ ᠪᠦᠬᠦ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠫᠦ᠋᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠵᠢᠶᠧ ᠦᠨᠡᠯᠡᠯᠲᠡ ᠬᠢᠵᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠰᠢᠶᠠᠨ ᠦ᠋ 2022 ᠣᠨ ᠤ ᠭᠤᠷᠪᠠᠳᠤᠭᠠᠷ ᠤᠳᠠᠭ᠎ᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠭᠠᠨ ᠦᠨᠡᠯᠡᠬᠦ ᠠᠵᠢᠯ ᠤᠨ ᠪᠠᠶᠢᠳᠠᠯ ᠪᠣᠯᠤᠨ 2022 ᠣᠨ ᠤ 6 ᠰᠠᠷ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠢ ᠨᠡᠶᠢᠲᠡᠯᠡᠵᠡᠢ᠃ ᠵᠠᠩ ᠵᠢᠶᠧ 2022 ᠣᠨ ᠤ ᠠᠩᠬᠠᠳᠤᠭᠠᠷ ᠤᠳᠠᠭ᠎ᠠ ᠶᠢᠨ ᠪᠦᠬᠦ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠰᠢᠯᠭᠠᠨ ᠦᠨᠡᠯᠡᠯᠲᠡ ᠶᠢᠨ ᠪᠠᠶᠢᠳᠠᠯ ᠢ ᠮᠡᠳᠡᠭᠳᠡᠵᠦ᠂ ᠵᠧᠦ ᠵᠧᠨ ᠭᠤᠸᠠᠩ ᠦᠴᠤᠸᠠᠨ ᠰᠢᠶᠠᠨ ᠤ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠲᠠᠪᠴᠠᠩ ᠤᠨ 6 ᠰᠠᠷ᠎ᠠ ᠶᠢᠨ ᠰᠤᠷᠤᠯᠴᠠᠯᠭ᠎ᠠ ᠶᠢᠨ ᠬᠡᠷᠡᠭᠯᠡᠭᠡᠨ ᠤ ᠪᠠᠶᠢᠳᠠᠯ ᠢ ᠮᠡᠳᠡᠭᠳᠡᠪᠡ᠃  ᠬᠠᠷ᠎ᠠ ᠬᠤᠰᠢᠭᠤ ᠰᠢᠶᠠᠩ᠂ ᠳ᠋ᠧ ᠱᠧᠩ ᠭᠸᠦ ᠰᠢᠶᠠᠩ᠂  ᠬᠤᠭᠤᠯᠠᠢ ᠠᠭᠤᠯᠠ ᠰᠢᠶᠠᠩ᠂ ᠬᠠᠷᠠᠭᠤᠯ ᠪᠠᠯᠭᠠᠰᠤ᠂ ᠰᠢᠶᠠᠨ ᠤ ᠲᠠᠩᠰᠠ ᠡᠪᠬᠡᠮᠡᠯ ᠤᠨ ᠣᠷᠳᠣᠨ᠂ ᠦᠴᠤᠸᠠᠨ ᠰᠢᠶᠠᠨ ᠤ ᠰᠢᠤᠳᠠᠨ ᠤ ᠬᠤᠪᠢᠶᠠᠷᠢ ᠺᠣᠮᠫᠠᠨᠢ ᠲᠣᠰ ᠲᠣᠰ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠲᠠᠷᠢᠶᠠᠯᠠᠩ ᠬᠥᠳᠡᠭᠡ ᠲᠣᠰᠬᠤᠨ ᠤ ᠭᠤᠤᠯᠳᠠᠯᠭ᠎ᠠ ᠲᠠᠢ ᠠᠵᠢᠯ ᠪᠠ ᠤᠯᠤᠰ ᠢᠶᠠᠨ ᠬᠦᠴᠦᠷᠬᠡᠭᠵᠢᠭᠦᠯᠬᠦ ᠰᠤᠷᠤᠯᠴᠠᠯᠭ᠎ᠠ ᠶᠢᠨ ᠲᠠᠪᠴᠠᠩ ᠢ ᠰᠤᠷᠤᠯᠴᠠᠵᠤ ᠬᠡᠷᠡᠭᠯᠡᠬᠦ ᠠᠵᠢᠯ ᠢ ᠳᠥᠯᠭᠢᠨ ᠠᠬᠢᠭᠤᠯᠬᠤ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃      ᠳᠠᠷᠠᠭ᠎ᠠ ᠨᠢ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠵᠦ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤᠮᠳᠠ ᠲᠡᠵᠢᠭᠡᠨ ᠦᠷᠡᠵᠢᠭᠦᠯᠬᠦ ᠦᠵᠡᠯᠲᠡ᠂ ᠦᠢᠯᠡᠳᠪᠦᠷᠢᠯᠡᠯ ᠤᠨ ᠠᠷᠭ᠎ᠠ ᠪᠠᠨ ᠦᠨᠡᠨᠬᠦ ᠬᠤᠪᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠰᠢᠶᠠᠯᠠᠨ ᠲᠡᠵᠢᠭᠡᠬᠦ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠤᠳᠤ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠲᠠᠢ ᠤᠶᠠᠯᠳᠤᠭᠤᠯᠵᠤ᠂ ᠡᠯ᠎ᠡ ᠲᠦᠷᠦᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠬᠢᠴᠠ ᠲᠠᠢ ᠪᠣᠯᠬᠤ ᠶᠢ ᠦᠨᠡᠨᠬᠦ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠰᠢᠨ᠎ᠡ ᠠᠯᠬᠤᠮ ᠢ ᠠᠯᠬᠤᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号